ᠮᠠᠨ ᠤ ᠬᠤᠰᠢᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠮᠥᠩᠭᠦᠨ ᠬᠥᠮᠥᠷᠭᠡ ᠶᠢᠨ ᠲᠦᠷᠢᠮ︾ ᠢ ᠨᠡᠶᠢᠲᠡᠯᠡᠨ ᠭᠡᠷᠡᠭᠵᠢᠭᠦᠯᠥᠭᠰᠠᠨ ᠵᠢᠴᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢ ᠡᠵᠡᠩᠨᠡᠭᠰᠠᠨ 35 ᠵᠢᠯ ᠤᠨ ᠣᠶ ᠶᠢᠨ ᠪᠥᠮᠪᠥᠭᠡᠨ ᠲᠥᠷᠤᠯ ᠤᠨ ᠤᠷᠤᠯᠳᠤᠭᠠᠨ ᠢ ᠡᠷᠭᠢᠯᠡᠭᠰᠠᠨ ᠪᠠᠶᠢᠨ᠎ᠠ
ᠨᠡᠶᠢᠲᠡᠯᠡᠭᠰᠡᠨ ᠴᠠᠭ᠄
2020/10/13
     10 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠮᠠᠨ ᠤ ᠬᠤᠰᠢᠭᠤ ᠠᠴᠠ ᠡᠷᠭᠢᠯᠡᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠮᠥᠩᠭᠦᠨ ᠬᠥᠮᠥᠷᠭᠡ ᠶᠢᠨ ᠲᠦᠷᠢᠮ︾ ᠢ ᠨᠡᠶᠢᠲᠡᠯᠡᠨ ᠭᠡᠷᠡᠭᠵᠢᠭᠦᠯᠥᠭᠰᠠᠨ ᠵᠢᠴᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢ ᠡᠵᠡᠩᠨᠡᠭᠰᠠᠨ 35 ᠵᠢᠯ ᠤᠨ ᠣᠶ ᠶᠢᠨ ᠪᠥᠮᠪᠥᠭᠡᠨ ᠲᠥᠷᠤᠯ ᠤᠨ ᠤᠷᠤᠯᠳᠤᠭᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠥᠪ ᠲᠤ ᠶᠠᠪᠤᠭᠳᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠯᠢᠨ ᠶᠦᠩ ᠭᠠᠩ ᠵᠢᠴᠢ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠲᠤᠭᠤᠷᠢᠭ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠥᠥᠰᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠥᠰᠢᠨ ᠬᠤᠰᠢᠭᠤᠨ ᠤ ᠰᠠᠯᠪᠤᠷᠢ ᠪᠠᠩᠬᠢ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
     ᠠᠵᠢᠯᠯᠠᠭᠠᠨ ᠲᠡᠭᠡᠷ᠎ᠡ ᠯᠢᠨ ᠶᠦᠩ ᠭᠠᠩ ᠪᠠᠶᠠᠷ ᠤᠨ ᠦᠭᠡ ᠶᠠᠷᠢᠪᠠ᠃ ᠲᠠᠷᠠ ᠬᠡᠯᠡᠬᠦ ᠳᠡᠭᠡᠨ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠪᠣᠯ ᠤᠯᠤᠰ ᠢ ᠵᠠᠰᠠᠬᠤ ᠶᠢᠨ ᠰᠠᠭᠤᠷᠢ ᠪᠠ ᠴᠢᠬᠤᠯᠠ ᠲᠤᠯᠭᠠᠭᠤᠷᠢ᠂ ᠮᠥᠩᠭᠦᠨ ᠭᠥᠢᠯᠭᠡᠭᠡ ᠪᠣᠯ ᠤᠯᠤᠰ ᠢ ᠵᠠᠰᠠᠬᠤ ᠶᠢᠨ ᠠᠮᠢᠨ ᠰᠤᠳᠠᠰᠤ ᠮᠥᠨ᠃ ᠤᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠥᠢᠯᠭᠡᠭᠡᠨ ᠤ ᠠᠵᠢᠯ ᠢ ᠴᠢᠬᠤᠯᠠᠴᠢᠯᠠᠨ ᠦᠵᠡᠵᠦ ᠡᠳ᠋ ᠤᠨ ᠵᠠᠰᠠᠭ ᠭᠠᠶᠢᠯᠢ ᠲᠠᠲᠠᠪᠤᠷᠢᠯᠠᠨ ᠬᠠᠮᠢᠶᠠᠷᠬᠤ ᠠᠵᠢᠯ ᠢ ᠴᠢᠩᠭ᠎ᠠ ᠠᠳᠬᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ ᠥᠭᠡᠷᠡᠴᠢᠯᠠᠯᠳᠠ ᠶᠢ ᠭᠦᠨᠵᠡᠭᠡᠶᠢᠷᠡᠭᠦᠯᠦᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ︽ᠭᠤᠷᠪᠠᠨ ᠲᠠᠷᠢᠶᠠᠯᠠᠩ︾ ᠪᠠ ᠠᠵᠤ ᠠᠬᠤᠶᠢᠯᠠᠯ  ᠤᠨ ᠬᠥᠭᠵᠢᠯᠲᠡ ᠶᠢ ᠶᠡᠬᠡᠪᠡᠷ ᠲᠠᠮᠵᠢᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠪᠦᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠠᠵᠢᠯ ᠢᠯᠡᠳᠲᠡ ᠠᠮᠵᠢᠯᠲᠠ ᠤᠯᠤᠭᠰᠠᠨ ᠪᠠᠶᠢᠨ᠎ᠠ᠃ ᠲᠤᠰ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠮᠥᠩᠭᠦᠨ ᠬᠥᠮᠥᠷᠭᠡ ᠶᠢᠨ ᠲᠦᠷᠢᠮ︾ ᠢ ᠨᠡᠶᠢᠲᠡᠯᠡᠨ ᠭᠡᠷᠡᠭᠵᠢᠭᠦᠯᠥᠭᠰᠠᠨ ᠵᠢᠴᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢ ᠡᠵᠡᠩᠨᠡᠭᠰᠠᠨ 35 ᠵᠢᠯ ᠤᠨ ᠣᠶ ᠶᠢ ᠪᠡᠯᠭᠡᠯᠡᠬᠦ ᠴᠢᠬᠤᠯᠠ ᠠᠴᠢᠶᠠᠯᠠᠪᠤᠷᠢ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠯᠤᠰ ᠤᠨ ᠬᠥᠮᠥᠷᠭᠡ ᠪᠠᠩᠭᠢ ᠶᠢᠨ ᠠᠵᠢᠯᠳᠠᠳ ᠤᠨ ᠬᠤᠭᠤᠷᠣᠨᠳᠣᠬᠢ ᠬᠠᠷᠢᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠬᠥᠭᠦᠷᠭᠡ ᠬᠤᠯᠪᠣᠭᠠᠰᠤ ᠪᠤᠯᠵᠤ ᠲᠠᠳᠠᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠠᠰᠢᠭᠲᠠᠶ ᠴᠠᠭ ᠲᠣᠬᠢᠶᠠᠯ ᠮᠥᠨ ᠪᠤᠯᠬᠤᠷ ᠤᠯᠠᠨ ᠲᠠᠶᠠᠭᠠᠷ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ ᠭᠡᠵᠡᠢ᠃
     ᠪᠤᠶᠠᠨᠮᠠᠨᠳᠤᠬᠤ ᠤᠷᠤᠯᠳᠤᠭᠠᠨ ᠡᠬᠢᠯᠡᠭᠰᠡᠨ ᠢ ᠵᠠᠷᠯᠠᠪᠠ᠃      ᠠᠵᠢᠯᠯᠠᠭᠠᠨ ᠲᠡᠭᠡᠷ᠎ᠡ ᠪᠠᠰᠠ ᠮᠠᠨ ᠤ ᠬᠤᠰᠢᠭᠤᠨ ᠤ ᠮᠤᠷᠢᠨ ᠬᠤᠭᠤᠷ ᠤᠨ ᠬᠥᠭᠵᠢᠮ ᠤᠨ ᠪᠦᠯᠬᠦᠮ᠂ ᠬᠤᠨᠴᠢᠨ ᠨᠠᠭᠤᠷ ᠴᠡᠴᠡᠷᠯᠢᠭ ᠤᠨ ᠪᠥᠵᠢᠭ ᠤᠨ ᠲᠣᠭᠯᠠᠯᠲᠠ ᠶᠢᠨ ᠠᠩᠬᠢ ᠠᠴᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号