ᠮᠠᠨ ᠤ ᠬᠤᠰᠢᠭᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠤᠭᠤᠳᠤᠭᠴᠢ ᠪᠠ ᠨᠡᠶᠢᠳᠡᠮ ᠪᠠᠶᠢᠴᠠᠭᠠᠭᠴᠢ ᠶᠢᠨ ᠠᠨᠳᠠᠭᠠᠶᠢᠯᠠᠬᠤ ᠶᠡᠭᠡ ᠬᠤᠷᠠᠯ ᠢ ᠬᠢᠪᠡ
ᠨᠡᠶᠢᠲᠡᠯᠡᠭᠰᠡᠨ ᠴᠠᠭ᠄
2020/10/13
     10 ᠰᠠᠷ᠎ᠠ ᠶᠢᠨ 11 ᠤ ᠡᠳᠦᠷ᠂ ᠮᠠᠨ ᠤ ᠬᠤᠰᠢᠭᠤᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠤᠭᠤᠳᠤᠭᠴᠢ ᠪᠠ ᠨᠡᠶᠢᠳᠡᠮ ᠪᠠᠶᠢᠴᠠᠭᠠᠭᠴᠢ ᠶᠢᠨ ᠠᠨᠳᠠᠭᠠᠶᠢᠯᠠᠬᠤ ᠶᠡᠭᠡ ᠬᠤᠷᠠᠯ ᠰᠤᠪᠤᠷᠭ᠎ᠠ ᠠᠭᠤᠳᠠᠮ ᠲᠠᠯᠠᠪᠠᠢ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠤᠳᠤᠷᠢᠳᠤᠯᠭ᠎ᠠ ᠯᠢ ᠰᠢᠤ ᠹᠧᠩ᠂ ᠤᠶᠤᠨᠪᠢᠯᠢᠭ᠌ ᠵᠢᠴᠢ ᠬᠤᠰᠢᠭᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠪᠤᠯᠤᠨ ᠬᠤᠰᠢᠭᠤ ᠲᠤᠭ᠎ᠠ ᠪᠦᠷᠢᠳᠬᠡᠯ ᠤᠨ ᠲᠣᠪᠴᠢᠶᠠᠨ ᠤ ᠪᠥᠬᠦ ᠺᠠᠳ᠋ᠷ ᠠᠵᠢᠯᠲᠠᠨ ᠂ ᠭᠠᠯᠠᠭᠤᠲᠤ ᠪᠠᠯᠭᠠᠰᠤᠨ ᠤ ᠨᠠᠶᠢᠳᠠᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠠᠵᠢᠯᠯᠠᠭ᠎ᠠ ᠳᠤ ᠣᠷᠣᠯᠴᠠᠵᠠᠶ᠃
     ᠵᠤᠤ ᠹᠸᠢ ᠯᠦ ᠳᠠᠶᠢᠴᠢᠯᠠᠯᠲᠠ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠠᠷᠪᠠᠨ ᠵᠢᠯ ᠳᠤ ᠨᠢᠭᠡ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠲᠡᠦᠬᠡ ᠶᠢᠨ ᠬᠤᠪᠢᠷᠠᠯᠲᠠ ᠶᠢ ᠭᠡᠷᠡᠴᠢᠯᠡᠵᠦ ᠬᠥᠭᠵᠢᠯᠲᠡ ᠶᠢᠨ ᠠᠯᠬᠤᠮ ᠢ ᠲᠡᠮᠳᠡᠭᠯᠡᠵᠦ ᠪᠠᠶᠢᠬᠤ ᠪᠥᠭᠡᠳ ᠪᠠᠰᠠ ᠢᠯᠡ ᠲᠣᠳᠣ ᠴᠠᠭ ᠦᠶ᠎ᠡ ᠶᠢᠨ ᠣᠨᠴᠠᠯᠢᠭ ᠢ ᠢᠯᠡᠷᠡᠭᠦᠯᠵᠦ ᠪᠠᠶᠢᠭ᠎ᠠ ᠶᠤᠮ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠬᠥᠮᠦᠨ ᠠᠮᠠ ᠶᠢᠨ ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ ᠶᠢᠨ ᠪᠠᠶᠢᠳᠠᠯ ᠢ ᠣᠨᠣᠪᠴᠢᠲᠠᠶ ᠡᠵᠡᠮᠰᠢᠬᠦ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠬᠤ ᠮᠥᠷᠲᠡᠭᠡᠨ ᠠᠷᠪᠠᠨ ᠲᠥᠷᠪᠡᠳᠤᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠤᠭᠲᠠᠭᠠᠬᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠰᠠᠭᠤᠷᠢ ᠮᠡᠳᠡᠭᠡ ᠵᠠᠩᠭᠢ ᠶᠢᠨ ᠪᠠᠳᠤᠯᠠᠭ᠎ᠠ ᠪᠤᠯᠤᠨ᠎ᠠ ᠭᠡᠵᠡᠢ᠃
     ᠵᠣᠣ ᠹᠸᠢ ᠯᠦ ᠱᠠᠭᠠᠷᠳᠠᠬᠤ ᠳᠤ ᠪᠠᠨ᠂ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠰᠢᠨ᠎ᠡ ᠠᠵᠢᠯᠯᠠᠬᠤ ᠠᠷᠭ᠎ᠠ ᠶᠢ ᠰᠤᠷᠤᠯᠴᠠᠨ ᠠᠵᠢᠯ ᠤᠨ ᠣᠷᠭᠢᠯᠤᠮ᠎ᠠ ᠰᠡᠳᠬᠢᠯᠭᠡ ᠪᠠᠨ ᠪᠠᠲᠤᠯᠠᠵᠤ ᠤᠬᠠᠭᠤᠯᠤᠨ ᠳᠠᠶᠢᠴᠢᠯᠠᠬᠤ ᠶᠢ ᠦᠷᠭᠦᠯᠵᠢᠯᠡᠨ ᠰᠠᠶᠢᠲᠤᠷ ᠬᠢᠵᠦ ᠬᠥᠮᠦᠨ ᠠᠮᠠ ᠶᠢᠨ ᠲᠤᠭ᠎ᠠ ᠪᠠᠷᠢᠮᠲᠠ ᠶᠢ ᠤᠨᠤᠪᠴᠢᠳᠠᠢ ᠴᠤᠭᠯᠠᠭᠤᠯᠤᠨ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠨᠡᠶᠢᠳᠡᠮ ᠪᠠᠶᠢᠴᠠᠭᠠᠭᠴᠢ ᠶᠢᠨ ᠠᠵᠢᠯ ᠢ ᠤᠶᠢᠯᠠᠭᠠᠨ ᠳᠡᠮᠵᠢᠬᠦ ᠶᠢᠨ ᠬᠠᠮᠲᠤ ᠢᠳᠡᠪᠬᠢᠲᠡᠢ ᠬᠠᠮᠵᠢᠯᠴᠠᠵᠤ ᠸᠢᠴᠠᠲ ᠵᠡᠷᠭᠡ ᠪᠠᠷ ᠭᠡᠷ ᠪᠦᠯᠢ᠂ ᠬᠤᠪᠢ ᠬᠥᠮᠦᠨ ᠤ ᠮᠡᠳᠡᠭᠡ ᠵᠠᠩᠭᠢ ᠶᠢ ᠲᠠᠭᠯᠠᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠲᠤᠪᠠᠷ ᠴᠢᠨᠠᠷ ᠰᠠᠶᠢᠲᠠᠶ ᠪᠠᠶᠠᠯᠠᠭᠦᠯᠭᠦ ᠭᠡᠷᠡᠭᠳᠠᠢ ᠭᠡᠵᠡᠢ᠃
     ᠠᠵᠢᠯᠯᠠᠭᠠᠨ ᠲᠡᠭᠡᠷ᠎ᠡ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ︽ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢ ᠤᠩᠰᠢᠨ ᠨᠡᠶᠢᠲᠡᠯᠡᠵᠦ ᠨᠡᠶᠢᠳᠡᠮ ᠪᠠᠶᠢᠴᠠᠭᠠᠭᠴᠢ ᠶᠢᠨ ᠲᠥᠯᠥᠭᠡᠯᠡᠭᠴᠢ ᠶᠠᠷᠢᠶ᠎ᠠ ᠲᠠᠯᠪᠢᠨ ᠨᠡᠶᠢᠳᠡᠮ ᠪᠠᠶᠢᠴᠠᠭᠠᠯᠲᠠ ᠶᠢᠨ ᠪᠦᠬᠦ ᠵᠢᠭᠠᠨ ᠵᠢᠯᠣᠭᠤᠳᠤᠭᠴᠢ ᠪᠣᠯᠤᠨ ᠨᠡᠶᠢᠳᠡᠮ ᠪᠠᠶᠢᠴᠠᠭᠠᠭᠴᠢ ᠬᠠᠮᠲᠤ ᠪᠠᠷ ᠠᠨᠳᠠᠭᠠᠶᠢᠯᠠᠯᠳᠠ ᠭᠢᠵᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠡᠷᠡᠰ ᠵᠣᠷᠢᠭ ᠪᠠ ᠢᠲᠡᠭᠡᠯ ᠵᠣᠷᠢᠭ ᠢᠶᠠᠨ ᠢᠯᠠᠳᠭᠡᠵᠠᠢ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号