ᠰᠢ ᠶᠢᠨ ᠫᠢᠩ ᠰᠧᠨᠧᠭᠠᠯ ᠤᠨ ᠶᠠᠷᠤᠩᠬᠡᠶᠢᠯᠡᠭᠴᠢ ᠲᠠᠢ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠬᠳᠠᠬᠰᠠᠨ 20 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2020/10/13
   ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 12 ᠤᠨ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠬᠠᠮᠳᠤ ᠶᠢᠨ ᠲᠡᠷᠢᠬᠦᠯᠡᠭᠴᠢ ᠤᠯᠤᠰ ᠰᠧᠨᠧᠭᠠᠯ ᠤᠨ ᠶᠠᠷᠤᠩᠬᠡᠶᠢᠯᠡᠭᠴᠢ ᠰᠠᠯᠧ ᠲᠠᠢ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠬᠳᠠᠬᠰᠠᠨ 20 ᠵᠢᠯ ᠤᠨ ᠤᠢ ᠳᠤ ᠵᠤᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃    ᠰᠢ ᠶᠢᠨ ᠫᠢᠩ ᠪᠤᠯᠤᠨ ᠰᠠᠯᠧ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠬᠳᠠᠬᠰᠠᠨ 20 ᠵᠢᠯ ᠤᠨ ᠤᠢ ᠶᠢᠨ ᠲᠠᠰᠢᠷᠠᠮ ᠳᠤ᠂ ᠳᠤᠮᠳᠠᠳᠤ ᠤᠯᠤᠰ ᠪᠤᠯᠤᠨ ᠰᠧᠨᠧᠭᠠᠯ ᠶᠠᠷᠢᠶᠠᠨ ᠤ ᠲᠠᠪᠴᠠᠩ ᠤᠨ ᠳᠤᠮᠳᠠᠳᠤ ᠤᠯᠤᠰ ᠪᠠ ᠠᠹᠷᠢᠺᠠ ᠲᠢᠪ ᠤᠨ ᠲᠠᠯ᠎ᠠ ᠶᠢᠨ ᠬᠠᠮᠳᠤ ᠶᠢᠨ ᠲᠡᠷᠢᠬᠦᠯᠡᠭᠴᠢ ᠪᠤᠯᠤᠬᠰᠠᠨ ᠤ ᠬᠤᠪᠢ ᠳᠤ᠂ ᠲᠤᠷᠠᠳᠠᠶ᠎ᠠ ᠦᠷᠬᠡᠨ ᠤᠯᠠᠨ ᠠᠹᠷᠢᠺᠠ ᠲᠢᠪ ᠤᠨ ᠤᠯᠤᠰ ᠯᠤᠭ᠎ᠠ ᠬᠠᠮᠳᠤ ᠪᠠᠷ ᠡᠨᠡ ᠬᠦ ᠴᠢᠬᠤᠯᠠ ᠪᠦᠬᠡᠳ ᠤᠨᠴᠠᠭᠠᠢ ᠤᠳᠬ᠎ᠠ ᠠᠭᠤᠯᠭ᠎ᠠ ᠲᠠᠢ ᠴᠠᠬ ᠮᠦᠴᠠ ᠶᠢ ᠪᠡᠯᠬᠡᠯᠡᠨ᠎ᠠ ᠬᠡᠵᠤ ᠴᠢᠬᠤᠯᠠᠴᠢᠯᠠᠪᠠ᠃    ᠰᠢ ᠶᠢᠨ ᠫᠢᠩ ᠪᠤᠯᠤᠨ ᠰᠠᠯᠧ᠂ 20 ᠵᠢᠯ ᠤᠨ ᠲᠤᠷᠰᠢ᠂ ᠳᠤᠮᠳᠠᠳᠤ ᠠᠹᠷᠢᠺᠠ ᠶᠢᠨ ᠬᠠᠮᠳᠤ ᠶᠢᠨ ᠴᠢᠷᠮᠠᠶᠢᠯᠭ᠎ᠠ ᠪᠠᠷ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠠᠹᠷᠢᠺᠠ ᠶᠢᠨ ᠬᠠᠮᠳᠤ ᠶᠢᠨ ᠶᠠᠷᠢᠯᠴᠠᠭ᠎ᠠ ᠬᠢᠬᠦ ᠴᠢᠬᠤᠯᠠ ᠪᠦᠬᠡᠳ ᠬᠦᠭᠵᠢᠶᠠᠨᠳᠠᠢ ᠲᠠᠪᠴᠠᠩ ᠪᠠ ᠪᠤᠳᠠᠳᠠᠢ ᠶᠢ ᠡᠷᠬᠢᠮᠯᠡᠬᠦ ᠬᠠᠮᠳᠤᠷᠠᠯᠴᠠᠭᠠᠨ ᠤ ᠪᠦᠳᠤᠮᠵᠢᠳᠠᠢ ᠲᠤᠭᠳᠠᠴᠠ ᠪᠤᠯᠵᠤ᠂ ᠮᠦᠨᠴᠤ ᠬᠦᠭᠵᠢᠵᠤ ᠪᠠᠶᠢᠭ᠎ᠠ ᠤᠯᠤᠰ ᠤᠳ ᠤᠨ ᠬᠠᠮᠳᠤᠷᠠᠯᠴᠠᠭᠠᠨ ᠤ ᠴᠢᠬᠤᠯᠠ ᠲᠤᠬ ᠲᠡᠮᠳᠡᠭ ᠪᠤᠯᠤᠬᠰᠠᠨ ᠪᠠᠶᠢᠨ᠎ᠠ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠢᠮᠠᠬᠳᠠ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠴᠢᠨᠠᠷ ᠰᠠᠶᠢᠳᠠᠢ ᠳᠤᠮᠳᠠᠳᠤ ᠠᠹᠷᠢᠺᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠬᠦᠭᠵᠢᠬᠦᠯᠬᠦ ᠪᠠᠷ ᠴᠢᠷᠮᠠᠶᠢᠵᠤ᠂ ᠶᠠᠷᠢᠶᠠᠨ ᠤ ᠲᠠᠪᠴᠠᠩ ᠤᠨ ᠬᠠᠮᠳᠤᠷᠠᠯᠴᠠᠭᠠᠨ ᠤ ᠠᠮᠵᠢᠯᠳᠠ ᠪᠦᠳᠤᠮᠵᠢ ᠨᠢ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠠᠰᠢᠬ ᠬᠦᠷᠳᠡᠬᠡᠪᠡ᠃ 2018 ᠤᠨ ᠤ ᠶᠠᠷᠢᠶᠠᠨ ᠤ ᠲᠠᠪᠴᠠᠩ ᠤᠨ ᠪᠡᠬᠡᠵᠢᠩ ᠤᠨ ᠲᠦᠷᠤᠬᠦᠴᠤᠳ ᠤᠨ ᠬᠤᠷᠠᠯ ᠨᠢ ᠯᠤᠳᠤ ᠶᠡᠭᠡ ᠠᠮᠵᠢᠯᠳᠠ ᠤᠯᠵᠤ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠪᠠᠷ ᠰᠠᠨᠠᠯ ᠨᠢᠬᠡᠳᠠᠢ ᠲᠤᠭᠳᠠᠵᠤ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠢᠷᠡᠭᠡᠳᠦᠢ ᠶᠢᠨ ᠬᠦᠭᠵᠢᠯᠳᠠ ᠳᠤ ᠴᠢᠭᠯᠡᠯ ᠢ ᠳᠤᠳᠤᠷᠬᠠᠢᠢᠯᠠᠵᠦ ᠦᠭᠴᠠᠢ ᠬᠡᠵᠤ ᠵᠢᠭᠠᠵᠤ ᠭᠠᠷᠭᠠᠪᠠ᠃    ᠰᠢ ᠶᠢᠨ ᠫᠢᠩ ᠪᠤᠯᠤᠨ ᠰᠠᠯᠧ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠪᠤᠯ ᠬᠦᠮᠤᠨ ᠲᠦᠷᠤᠯᠬᠢᠳᠠᠨ ᠳᠤ ᠲᠤᠯᠭᠠᠷᠠᠬᠰᠠᠨ ᠬᠦᠨᠳᠤ ᠬᠡᠴᠡᠬᠦᠤ ᠦᠷᠢᠰᠤᠯᠳᠤᠬᠡᠨ ᠪᠤᠯᠤᠨ᠎ᠠ᠂ ᠲᠡᠯᠡᠬᠡᠢ ᠶᠢᠨ ᠠᠵᠤ ᠠᠬᠤᠢ ᠳᠤ ᠯᠤᠳᠤ ᠶᠡᠭᠡ ᠲᠠᠭᠠᠷᠢᠯᠳᠠ ᠪᠤᠯᠵᠠᠢ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠲᠤᠷᠠᠳᠠᠶ᠎ᠠ ᠪᠦᠯᠬᠦᠮᠳᠡᠨ ᠬᠠᠮᠳᠤᠷᠠᠯᠴᠠᠬᠤ ᠵᠤᠷᠢᠬ ᠰᠠᠨᠠᠭ᠎ᠠ ᠪᠠᠨ ᠦᠷᠬᠦᠯᠵᠢᠯᠠᠨ ᠪᠠᠷᠢᠮᠳᠠᠯᠠᠵᠤ᠂ ᠡᠯ᠎ᠠ ᠵᠦᠢᠯ ᠤᠨ ᠠᠶᠤᠯ ᠲᠦᠭᠰᠢᠬᠦᠷᠢ ᠦᠷᠢᠰᠤᠯᠳᠤᠬᠡᠨ ᠢ ᠬᠠᠮᠳᠤ ᠪᠠᠷ ᠠᠷᠭᠠᠴᠠᠭᠠᠵᠤ᠂ ᠳᠤᠮᠳᠠᠳᠤ ᠠᠹᠷᠢᠺᠠ ᠶᠢᠨ ᠬᠠᠮᠳᠤᠷᠠᠯᠴᠠᠭ᠎ᠠ ᠶᠢ ᠤᠯᠠᠨ ᠲᠠᠯᠠᠳᠤ ᠦᠵᠡᠯ ᠪᠤᠯᠤᠨ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠦᠯᠢᠬᠡᠷ ᠵᠢᠱᠢᠶ᠎ᠠ ᠪᠤᠯᠭᠠᠵᠤ᠂ ᠲᠡᠯᠡᠬᠡᠢ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠤᠨ᠎ᠠ ᠬᠡᠵᠤ ᠵᠢᠭᠠᠵᠤ ᠭᠠᠷᠭᠠᠪᠠ᠃    ᠰᠢ ᠶᠢᠨ ᠫᠢᠩ ᠪᠤᠯᠤᠨ ᠰᠠᠯᠧ᠂ ᠪᠢᠳᠠ ᠲᠤᠷᠠᠳᠠᠶ᠎ᠠ ᠶᠠᠷᠢᠶᠠᠨ ᠤ ᠲᠠᠪᠴᠠᠩ ᠤᠨ ᠪᠦᠷᠢᠯᠳᠤᠬᠦᠨ ᠲᠠᠢ ᠭᠠᠷ ᠬᠤᠯᠪᠤᠯᠴᠠᠨ ᠬᠠᠮᠳᠤᠷᠠᠯᠴᠠᠵᠦ᠂ ︽ᠬᠠᠮᠳᠤ ᠪᠠᠷ ᠵᠦᠪᠳᠡᠬᠦ᠂ ᠬᠠᠮᠳᠤ ᠪᠠᠷ ᠪᠠᠶᠢᠭᠤᠯᠬᠤ᠂ ᠬᠠᠮᠳᠤ ᠪᠠᠷ ᠡᠳ᠋ᠯᠡᠬᠦ︾ ᠵᠠᠷᠴᠢᠮ ᠢ ᠦᠷᠬᠦᠯᠵᠢᠯᠠᠨ ᠪᠠᠷᠢᠮᠳᠠᠯᠠᠵᠤ᠂ ᠶᠠᠷᠢᠶᠠᠨ ᠤ ᠲᠠᠪᠴᠠᠩ ᠤᠨ ᠲᠤᠭᠳᠠᠴᠠ ᠶᠢ ᠲᠠᠰᠤᠷᠠᠯᠳᠠ ᠦᠬᠡᠢ ᠪᠠᠶᠠᠯᠢᠭᠵᠢᠭᠤᠯᠤᠨ ᠲᠡᠬᠦᠯᠳᠡᠷᠵᠢᠬᠦᠯᠵᠤ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠳᠠᠬᠢ ᠶᠠᠷᠢᠶᠠᠨ ᠤ ᠲᠠᠪᠴᠠᠩ ᠤᠨ ᠬᠦᠳᠤᠯᠤᠨ ᠳᠠᠭᠠᠭᠤᠯᠬᠤ ᠤᠢᠢᠯᠡᠳᠤᠯ ᠢ ᠤᠯᠠᠮ ᠴᠢᠨᠠᠬᠰᠢᠳᠠ ᠪᠠᠳᠠᠷᠠᠭᠤᠯᠵᠤ᠂ ᠳᠤᠮᠳᠠᠳᠤ ᠤᠯᠤᠰ ᠤᠨ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠪᠤᠯᠤᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ︽2063 ᠤᠨ ᠤ ᠵᠦᠪᠯᠡᠬᠦ ᠵᠦᠢᠯ︾ ᠢ ᠵᠤᠯᠭᠠᠭᠤᠯᠵᠤ᠂ ᠶᠠᠷᠢᠶᠠᠨ ᠤ ᠲᠠᠪᠴᠠᠩ ᠤᠨ ᠪᠡᠬᠡᠵᠢᠩ ᠤᠨ ᠲᠦᠷᠤᠬᠦᠴᠤᠳ ᠤᠨ ᠬᠤᠷᠠᠯ ᠪᠤᠯᠤᠨ ᠳᠤᠮᠳᠠᠳᠤ ᠠᠹᠷᠢᠺᠠ ᠶᠢᠨ ᠪᠦᠯᠬᠦᠮᠳᠡᠵᠡᠭᠡᠨ ᠬᠢᠵᠢᠭ ᠲᠠᠢ ᠲᠡᠮᠡᠴᠡᠬᠦ ᠤᠨᠴᠠᠭᠠᠢ ᠲᠦᠷᠤᠬᠦᠴᠤᠳ ᠤᠨ ᠬᠤᠷᠠᠯ ᠤᠨ ᠠᠮᠵᠢᠯᠳᠠ ᠪᠦᠳᠤᠮᠵᠢ ᠶᠢᠨ ᠨᠠᠶᠢᠳᠠᠪᠤᠷᠢᠵᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠠᠹᠷᠢᠺᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠶᠢ ᠨᠡᠩ ᠦᠨᠳᠤᠷ ᠲᠦᠪᠰᠢᠨ ᠳᠤ ᠬᠦᠷᠭᠡᠵᠦ᠂ ᠨᠡᠩ ᠨᠢᠬᠳᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠵᠤ᠂ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠪᠤᠶᠠᠨ ᠤᠢᠢᠯᠡᠳᠴᠤ᠂ ᠬᠦᠮᠤᠨ ᠲᠦᠷᠤᠯᠬᠢᠳᠠᠨ ᠤ ᠰᠠᠶᠢᠨ ᠰᠠᠶᠢᠬᠠᠨ ᠢᠷᠡᠬᠡᠳᠤᠢ ᠶᠢ ᠬᠠᠮᠳᠤ ᠪᠠᠷ ᠴᠤᠬᠴᠠᠯᠠᠨ᠎ᠠ᠃ ᠪᠢᠳᠠ᠂ 2021 ᠤᠨ ᠳᠤ ᠰᠧᠨᠧᠭᠠᠯ ᠳᠤ ᠬᠤᠷᠠᠯᠳᠤᠬᠤ ᠰᠢᠨ᠎ᠠ ᠨᠢᠬᠡ ᠬᠤᠭᠤᠴᠠᠭᠠᠨ ᠤ ᠳᠤᠮᠳᠠᠳᠤ ᠠᠹᠷᠢᠺᠠ ᠶᠢᠨ ᠶᠠᠷᠢᠶᠠᠨ ᠤ ᠲᠠᠪᠴᠠᠩ ᠤᠨ ᠬᠤᠷᠠᠯ ᠨᠢ ᠬᠤᠶᠠᠷ ᠲᠠᠯ᠎ᠠ ᠶᠢᠨ ᠬᠠᠮᠳᠤ ᠶᠢᠨ ᠬᠠᠷᠠᠯᠳᠠ ᠶᠢ ᠪᠡᠶᠡᠯᠡᠬᠦᠯᠬᠦ ᠶᠢ ᠴᠢᠨᠠᠬᠰᠢᠳᠠ ᠠᠬᠢᠭᠤᠯᠬᠤ ᠶᠢ ᠪᠠᠳᠤ ᠢᠳᠡᠬᠡᠵᠤ ᠪᠠᠶᠢᠨ᠎ᠠ ᠬᠡᠵᠤ ᠴᠢᠬᠤᠯᠠᠴᠢᠯᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号