ᠬᠠᠮ ᠬᠦᠴᠦᠨ ᠨᠢᠭᠳᠠᠷᠠᠵᠤ ᠴᠢᠨᠡᠭᠡᠯᠢᠭ ᠠᠮᠢᠳᠤᠷᠠᠯ ᠢ ᠴᠣᠭᠴᠠᠯᠠᠨ᠎ᠠ
ᠨᠡᠶᠢᠲᠡᠯᠡᠭᠰᠡᠨ ᠴᠠᠭ᠄
2020/10/13
     ᠮᠠᠨ ᠤ ᠬᠤᠰᠢᠭᠤᠨ ᠤ ᠤᠯᠠᠨ ᠲᠠᠯ᠎ᠠ ᠶᠢᠨ ᠬᠦᠴᠦᠨ ᠬᠠᠮᠳᠤᠷᠠᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠵᠡᠷᠭᠡ ᠠᠵᠢᠯ ᠳᠤ ᠲᠤᠪᠤᠶᠢᠮ᠎ᠠ ᠵᠢᠳᠬᠦᠯ ᠭᠠᠷᠭᠠᠵᠤ ᠪᠠᠶᠢᠨ᠎ᠠ᠃ ᠡᠨᠡ ᠨᠢ ᠨᠤᠮᠢᠨ ᠲᠠᠩᠰᠤᠭ ᠦᠥᠰᠢᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠵᠤ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠡᠭᠡᠯᠢᠭᠵᠢᠯ ᠢ ᠰᠢᠭᠤᠳ ᠲᠦᠷᠬᠡᠳᠬᠡᠵᠡᠢ᠃      ᠤᠯᠠᠭᠠᠠᠳᠣᠯᠣᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠮᠠᠯᠴᠢᠨ ᠰᠡᠴᠡᠨᠪᠠᠳᠤ ᠶᠢᠨ ᠬᠢᠨ ᠪᠣᠯ ᠶᠠᠳᠠᠭᠤ ᠠᠴᠠ ᠪᠠᠨ ᠠᠩᠬᠢᠵᠢᠷᠠᠨ ᠪᠠᠲᠤᠳᠬᠠᠭᠳᠠᠵᠤ ᠪᠠᠶᠢᠭ᠎ᠠ ᠡᠷᠦᠭᠡ ᠪᠣᠯᠣᠨ᠎ᠠ᠃ ᠶᠠᠳᠠᠭᠤ ᠠᠴᠠ ᠠᠩᠬᠢᠵᠢᠷᠠᠭᠰᠠᠨ ᠦᠷ᠎ᠡ ᠪᠥᠳᠥᠬᠡᠯ ᠢ ᠪᠠᠬᠢᠵᠢᠭᠦᠯᠵᠦ ᠦᠷᠬᠦᠯᠵᠢᠯᠡᠨ ᠠᠮᠢᠳᠤᠷᠠᠯ ᠢ ᠨᠢ ᠴᠢᠨᠡᠭᠡᠯᠢᠭᠵᠢᠭᠦᠯᠬᠦ ᠪᠠᠷ ᠲᠠᠭᠠᠭᠠᠴᠢᠯᠠᠨ ᠲᠡᠳᠭᠦᠵᠦ ᠪᠠᠶᠢᠭ᠎ᠠ ᠮᠠᠨ ᠤ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ ᠨᠢ ᠲᠤᠰ ᠡᠷᠦᠬᠡ ᠳᠤ 137000 ᠲᠦᠬᠦᠷᠢᠭ ᠤᠨ ᠲᠤᠰᠠᠯᠠᠮᠵᠢ ᠶᠢ ᠬᠦᠷᠲᠡᠭᠡᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠳᠠ ᠵᠡᠷᠬᠡ ᠶᠢ ᠤᠯᠠᠮ ᠲᠡᠬᠦᠯᠳᠡᠷᠵᠢᠬᠦᠯᠵᠡᠢ᠃      ᠦᠥᠰᠢᠨ ᠬᠤᠰᠢᠭᠤᠨ ᠤ ᠤᠯᠠᠭᠠᠠᠳᠣᠯᠣᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠮᠠᠯᠴᠢᠨ ᠰᠡᠴᠡᠨᠪᠠᠳᠤ᠄ ︽ᠠᠷᠪᠠᠨ ᠵᠢᠷᠭᠤᠭᠠᠨ ᠣᠨ ᠢ ᠪᠣᠳᠣᠪᠠᠯ ᠣᠳᠣ ᠮᠠᠨ ᠤ ᠬᠢᠨ ᠶᠠᠳᠠᠭᠤ ᠠᠴᠠ ᠪᠠᠨ ᠠᠩᠬᠢᠵᠢᠷᠠᠵᠠᠢ᠃ ᠳᠡᠭᠡᠷ᠎ᠡ ᠱᠠᠲᠤᠨ ᠠᠴᠠ ᠪᠢᠲᠠᠨ ᠳᠤ ᠬᠤᠷᠢᠨ ᠬᠤᠶᠠᠷ ᠬᠤᠨᠢ ᠦᠭᠴᠤ ᠣᠳᠣ ᠪᠤᠯᠬᠤ ᠳᠤ ᠮᠠᠨ ᠤ ᠲᠡᠪᠢ ᠵᠢᠷᠠᠨ ᠬᠤᠨᠢ ᠲᠠᠢ ᠪᠣᠯᠣᠭᠰᠠᠨ᠂ ᠲᠦᠷᠤ ᠶᠢᠨ ᠪᠣᠳᠣᠯᠭ᠎ᠠ ᠶᠢᠨ ᠰᠡᠶᠢᠨ ᠢᠶᠠᠷ ᠣᠳᠣ ᠭᠠᠵᠠᠷ ᠢᠶᠠᠨ ᠰᠡᠶᠢᠨ ᠲᠠᠷᠢᠵᠤ ᠮᠠᠯ ᠢᠶᠠᠨ ᠰᠡᠶᠢᠨ ᠮᠠᠯᠵᠢᠵᠤ ᠨᠡᠩ ᠰᠡᠶᠢᠨ ᠠᠮᠢᠳᠣᠷᠠᠶ᠎ᠠ ᠭᠡᠵᠤ ᠪᠡᠶᠢᠨ᠎ᠠ︾ ᠬᠡᠪᠡ᠃      ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠡᠯ᠎ᠡ ᠪᠠᠶᠢᠭᠤᠯᠭ᠎ᠠ ᠨᠢᠭᠡᠴᠢ ᠢᠳᠡᠪᠬᠢᠯᠡᠵᠦ ᠦᠨᠳᠦᠰᠦᠨ ᠱᠠᠳᠤᠨ ᠤ ᠣᠯᠠᠨ ᠲᠥᠮᠡᠨ ᠴᠤ ᠬᠦᠴᠦᠨ ᠢᠶᠠᠨ ᠡᠷᠭᠦᠵᠦ ᠶᠠᠪᠤᠨ᠎ᠠ᠃      ᠰᠦᠯᠳᠡ ᠰᠤᠮᠤᠨ ᠤ ᠭᠦᠬᠡᠮᠠᠩᠬ᠎ᠠ ᠭᠠᠴᠠᠭᠠᠨ ᠤ ᠮᠠᠯᠴᠢᠨ ᠨᠠᠷᠠᠨᠮᠠᠨᠳᠤᠬᠤ ᠶᠢᠨ ᠬᠢᠨ ᠪᠤᠯ ᠶᠠᠳᠠᠭᠤ ᠠᠴᠠ ᠪᠠᠨ ᠠᠩᠬᠢᠵᠢᠷᠠᠨ ᠪᠠᠲᠤᠳᠬᠠᠭᠳᠠᠵᠤ ᠪᠠᠶᠢᠭ᠎ᠠ ᠡᠷᠦᠬᠡ ᠪᠣᠯᠣᠨ᠎ᠠ᠃ ᠲᠦᠷᠦᠭᠦᠬᠡᠨ ᠲᠤᠰ ᠭᠠᠴᠠᠭᠠᠨ ᠤ ᠮᠠᠯᠴᠢᠨ ᠨᠠᠮ ᠤᠨ ᠬᠡᠰᠢᠬᠦᠨ ᠴᠡᠩᠬᠡᠯ ᠦᠪᠡᠷ ᠤᠨ ᠵᠤᠬᠢᠶᠠᠭᠰᠠᠨ ᠪᠦᠷᠢᠨ ᠠᠦ᠋ᠲ᠋ᠤᠴᠢᠯᠠᠭᠰᠠᠨ ᠮᠠᠯ ᠤᠰᠤᠯᠠᠬᠤ ᠣᠩᠭᠤᠴᠠ ᠪᠠᠨ ᠲᠡᠭᠦᠨ  ᠳᠤ ᠲᠥᠯᠥᠪᠤᠷᠢ ᠦᠬᠡᠢ ᠬᠦᠷᠭᠡᠨ ᠦᠭᠴᠦ ᠬᠡᠷᠡᠭᠯᠡᠭᠦᠯᠦᠭᠰᠡᠨ ᠢᠶᠠᠷ ᠨᠠᠷᠠᠨᠮᠠᠨᠳᠤᠬᠤ ᠶᠢᠨ ᠬᠢᠨ ᠤ ᠮᠠᠯ ᠠᠵᠤ ᠠᠬᠤᠢ ᠶᠢᠨ ᠦᠢᠯᠡᠰ ᠢᠶᠠᠨ ᠬᠦᠭᠵᠢᠬᠦᠯᠬᠦ ᠳᠤ ᠶᠡᠬᠡᠬᠡᠨ ᠲᠤᠰᠠᠯᠠᠮᠵᠢ ᠪᠣᠯᠣᠭᠰᠠᠨ ᠪᠠᠶᠢᠨ᠎ᠠ᠃      ᠮᠠᠯᠴᠢᠨ ᠴᠡᠩᠬᠡᠯ ᠦᠪᠡᠷ ᠤᠨ ᠮᠡᠷᠭᠡᠵᠢᠯ ᠳᠡᠭᠡᠨ ᠲᠦᠰᠢᠭᠯᠡᠨ ᠪᠦᠷᠢᠨ ᠠᠦ᠋ᠲ᠋ᠤᠴᠢᠯᠠᠭᠰᠠᠨ ᠮᠠᠯ ᠤᠰᠤᠯᠠᠬᠤ ᠣᠩᠭᠤᠴᠠ ᠶᠢ ᠦᠢᠯᠡᠳᠦᠨ ᠭᠠᠷᠭᠠᠵᠤ ᠮᠠᠯᠵᠢᠬᠤ ᠤᠷᠤᠨ ᠤ ᠤᠯᠠᠨ ᠲᠦᠮᠡᠨ ᠤ ᠦᠢᠯᠡᠳᠪᠤᠷᠢᠯᠠᠯ ᠠᠮᠢᠳᠤᠷᠠᠯ ᠳᠤ ᠳᠥᠭᠦᠮ ᠦᠵᠡᠭᠦᠯᠦᠭᠰᠡᠭᠡᠷ ᠢᠷᠡᠵᠡᠢ᠃ ᠡᠨᠡ ᠤᠳᠠᠭ᠎ᠠ ᠲᠡᠷᠡ ᠭᠠᠴᠠᠭᠠᠨ ᠤ ᠪᠠᠨ ᠶᠠᠳᠠᠭᠤ ᠠᠴᠠ ᠠᠩᠬᠢᠵᠢᠷᠠᠭᠤᠯᠤᠨ ᠪᠠᠲᠤᠳᠬᠠᠭᠳᠠᠵᠤ ᠪᠠᠶᠢᠭ᠎ᠠ ᠲᠦᠷᠪᠡᠨ ᠡᠷᠦᠬᠡ ᠳᠤ ᠲᠦᠷᠪᠠᠨ ᠮᠢᠩᠭᠠᠨ ᠲᠥᠬᠦᠷᠢᠭ ᠤᠨ ᠦᠷᠲᠡᠭ ᠪᠦᠬᠦᠢ ᠤᠩᠭᠤᠴᠠ ᠶᠢ ᠲᠥᠯᠥᠪᠤᠷᠢ ᠦᠬᠡᠢ ᠦᠭᠴᠡᠢ᠃        ᠴᠡᠩᠬᠡᠯ᠄ ︽ᠪᠢ ᠨᠢᠭᠡᠨ ᠨᠠᠮ ᠤᠨ ᠭᠡᠰᠢᠬᠦᠨ ᠪᠤᠯᠤᠭᠰᠠᠨ ᠬᠤᠪᠢ ᠳᠤ ᠮᠠᠨ ᠤ ᠭᠠᠴᠠᠭᠠᠨ ᠤ ᠬᠡᠳᠦᠨ ᠬᠦᠴᠢᠷᠳᠡᠯᠲᠡᠢ ᠡᠷᠦᠬᠡ ᠳᠤ ᠪᠠᠭ᠎ᠠ ᠴᠤ ᠭᠡᠰᠡᠨ ᠲᠡᠮᠵᠢᠯᠭᠡ ᠦᠵᠡᠬᠦᠯᠴᠢᠬᠡᠶ᠎ᠡ ᠭᠡᠵᠦ ᠪᠤᠳᠤᠭᠠᠳ ᠲᠦᠬᠦᠭᠡᠷᠦᠮᠵᠢ ᠶᠢ ᠤᠭᠰᠠᠷᠠᠵᠤ ᠦᠭᠴᠠᠢ᠃ ᠰᠡᠭᠦᠯᠡᠷ ᠪᠢ ᠡᠬᠦᠨ ᠢᠶᠠᠨ ᠤᠯᠠᠮ ᠰᠢᠨ᠎ᠡ ᠮᠠᠶ᠋ᠢᠭ ᠢᠶᠠᠷ ᠬᠦᠭᠵᠢᠬᠦᠯᠵᠤ ᠠᠯᠢ ᠤᠯᠠᠨ ᠮᠠᠯᠴᠢᠨ ᠲᠦᠮᠡᠨ ᠳᠤ ᠪᠠᠨ ᠳᠡᠮᠵᠢᠯᠭᠡ ᠦᠵᠡᠬᠦᠯᠬᠦ ᠪᠠᠷ ᠴᠢᠷᠮᠠᠶᠢᠨ᠎ᠠ︾ ᠬᠡᠵᠤ ᠶᠠᠷᠢᠯ᠎ᠠ᠃      ᠬᠠᠮᠳᠤ ᠶᠢᠨ ᠴᠢᠨᠡᠭᠡᠯᠢᠭᠵᠢᠯ ᠢ ᠪᠡᠶᠡᠯᠡᠬᠦᠯᠬᠦ ᠳᠤ ᠬᠦᠳᠡᠭᠡ ᠲᠤᠰᠬᠤᠨ ᠢ ᠦᠷᠬᠦᠯᠵᠢᠯᠡᠨ ᠬᠦᠭᠵᠢᠬᠦᠯᠦᠨ ᠮᠠᠨᠳᠤᠭᠤᠯᠵᠤ ᠰᠠᠭᠤᠷᠢ ᠶᠢ ᠪᠠᠳᠤᠵᠢᠭᠤᠯᠬᠤ ᠨᠢ ᠬᠠᠮᠤᠭ ᠴᠢᠬᠤᠯᠠ ᠪᠢᠯᠡ᠃ ᠮᠠᠨ ᠤ ᠬᠤᠰᠢᠭᠤᠨ ᠤ ᠭᠠᠯᠠᠭᠤᠳᠤ ᠪᠠᠯᠭᠠᠰᠤᠨ ᠤ ᠰᠠᠷᠠᠭᠤᠯᠨᠤᠳᠤᠭ ᠭᠠᠴᠠᠭᠠᠨ ᠤ ᠮᠠᠯᠴᠢᠳ ᠤᠯᠤᠰ ᠤᠨ ᠪᠠᠶᠠᠷ ᠠᠴᠠ ᠡᠮᠦᠨᠡᠬᠡᠨ ᠡᠷᠦᠬᠡ ᠬᠤᠭᠤᠷᠤᠨᠳᠤ  ᠪᠠᠨ ᠨᠡᠪᠲᠡᠷᠡᠬᠦ ᠬᠠᠶᠢᠷ ᠴᠢᠯᠠᠭᠤᠨ ᠵᠠᠮ ᠲᠠᠢ ᠪᠣᠯᠣᠯ᠎ᠠ ᠭᠡᠳ ᠮᠠᠰᠢ ᠪᠠᠶᠠᠷᠯᠠᠵᠤ ᠪᠠᠶᠢᠯ᠎ᠠ᠃      ᠭᠠᠯᠠᠭᠤᠳᠤ ᠪᠠᠯᠭᠠᠰᠤᠨ ᠤ ᠰᠠᠷᠠᠭᠤᠯᠨᠤᠳᠤᠭ ᠭᠠᠴᠠᠭ᠎ᠠ ᠨᠢ 60 ᠭᠠᠷᠤᠢ ᠲᠦᠮᠡᠨ ᠮᠤ᠋ ᠨᠤᠲᠤᠭ ᠪᠡᠯᠴᠢᠭᠡᠷ᠂ 418 ᠡᠷᠦᠬᠡ 1215 ᠬᠦᠮᠦᠨ ᠠᠮᠠ ᠲᠠᠢ᠂ ᠲᠤᠯᠤᠭᠠᠨ ᠮᠠᠯᠵᠢᠯ ᠤᠨ ᠬᠤᠷᠰᠢᠶ᠎ᠠ ᠲᠠᠢ ᠬᠠᠭᠠᠰ ᠮᠠᠯᠵᠢᠵᠤ ᠬᠠᠭᠠᠰ ᠲᠠᠷᠢᠶᠠᠯᠠᠬᠤ ᠪᠠᠷ ᠭᠤᠤᠯᠯᠠᠳᠠᠭ᠃ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠶᠢᠯᠠᠩ ᠤᠨ ᠬᠢᠨ ᠭᠠᠴᠠᠭᠠᠨ ᠤ ᠪᠤᠳᠠᠳᠤ ᠪᠠᠶᠢᠳᠠᠯ ᠪᠠ ᠮᠠᠯᠴᠢᠨ ᠲᠠᠷᠢᠶᠠᠴᠢᠨ ᠤ ᠲᠤᠯᠭᠠᠮ ᠬᠡᠷᠡᠭᠴᠡᠭᠡ ᠱᠠᠭᠠᠷᠳᠠᠯᠭ᠎ᠠ ᠶᠢ ᠰᠢᠢᠳᠪᠤᠷᠢᠯᠡᠬᠦ ᠶᠢ ᠠᠵᠢᠯ ᠤᠨ ᠢᠶᠠᠨ ᠭᠠᠷᠳᠠᠴᠠ ᠪᠣᠯᠭᠠᠵᠤ ᠤᠯᠠᠨ ᠲᠠᠯ᠎ᠠ ᠶᠢᠨ ᠠᠵᠢᠯ ᠢ ᠦᠷᠨᠢᠬᠦᠯᠦᠭᠰᠡᠬᠡᠷ ᠢᠷᠡᠵᠡᠢ᠃ ᠡᠨᠡ ᠤᠳᠠᠭ᠎ᠠ ᠡᠷᠦᠬᠡ ᠪᠣᠯᠭᠠᠨ ᠳᠤ ᠨᠡᠪᠳᠡᠷᠡᠬᠦ ᠬᠠᠶᠢᠷ ᠴᠢᠯᠠᠭᠤᠨ ᠵᠠᠮ ᠤᠨ ᠲᠦᠷᠦᠯ ᠵᠦᠢᠯ ᠢ ᠡᠨᠡ ᠵᠢᠯ ᠤᠨ ᠲᠣᠯᠣᠳᠣᠭᠠᠷ ᠰᠠᠷ᠎ᠠ  ᠠᠴᠠ ᠡᠬᠢᠯᠡᠵᠦ ᠶᠠᠪᠤᠭᠳᠠᠭᠤᠯᠤᠭᠰᠠᠨ ᠪᠠᠶᠢᠵᠠᠢ᠃      ᠮᠠᠨ ᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠦᠷᠨᠢᠬᠦᠯᠵᠦ ᠡᠬᠢᠯᠡᠭᠰᠡᠨ ᠠᠴᠠ ᠨᠠᠰᠢ 61 ᠭᠠᠴᠠᠭ᠎ᠠ ᠲᠤᠰᠬᠤᠨ ᠳᠤ 61 ᠠᠵᠢᠯᠯᠠᠬᠤ ᠲᠤᠭᠤᠶᠢᠯᠠᠩ ᠤᠨ 214 ᠬᠡᠰᠢᠬᠦᠨ ᠢ ᠲᠤᠮᠢᠯᠠᠵᠤ ᠲᠤᠰ ᠠᠵᠢᠯ ᠢ ᠡᠷᠴᠢ ᠬᠦᠴᠦ ᠲᠠᠢ ᠦᠷᠨᠢᠬᠦᠯᠵᠡᠢ᠃ ᠢᠩᠬᠢᠭᠰᠡᠨ ᠢᠶᠠᠷ 2019 ᠣᠨ ᠪᠣᠯᠬᠤ ᠳᠤ ᠬᠠᠮᠤᠭ ᠰᠡᠬᠦᠯ ᠤᠨ ᠨᠢᠭᠡ ᠶᠠᠳᠠᠭᠤ ᠡᠷᠦᠬᠡ ᠶᠠᠳᠠᠭᠤ ᠠᠴᠠ ᠪᠠᠨ ᠠᠩᠬᠢᠵᠢᠷᠠᠵᠤ ᠪᠦᠬᠦ ᠬᠤᠰᠢᠭᠤᠨ ᠤ 349 ᠶᠠᠳᠠᠭᠤ ᠬᠦᠴᠢᠷᠳᠡᠯᠳᠡᠢ ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠪᠠᠨ ᠠᠩᠬᠢᠵᠢᠷᠠᠭᠰᠠᠨ ᠪᠠᠶᠢᠨ᠎ᠠ᠃ ᠡᠭᠦᠨ ᠤ ᠬᠠᠮᠳᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠡᠷᠴᠢᠮᠳᠠᠢ ᠶᠠᠪᠤᠭᠳᠠᠭᠤᠯᠤᠭᠰᠠᠨ ᠢᠶᠠᠷ 61 ᠭᠠᠴᠠᠭ᠎ᠠ ᠲᠤᠰᠬᠤᠨ ᠪᠦᠷ ᠬᠠᠮᠳᠤ ᠶᠢᠨ ᠠᠵᠤ ᠠᠬᠤᠢ ᠲᠠᠢ ᠪᠣᠯᠵᠣ ᠤᠷᠤᠯᠭ᠎ᠠ ᠨᠢ ᠲᠠᠪᠤᠨ ᠲᠥᠮᠡ ᠶᠢ ᠲᠠᠪᠠᠵᠠᠢ᠃ ᠡᠨᠡ ᠨᠢ ᠴᠢᠨᠡᠭᠡᠯᠢᠭ ᠠᠮᠢᠳᠤᠷᠠᠯ ᠢᠶᠠᠨ ᠦᠷᠬᠦᠯᠵᠢᠯᠠᠨ ᠴᠤᠭᠴᠠᠯᠠᠬᠤ ᠳᠤ ᠰᠠᠭᠤᠷᠢ ᠪᠤᠯᠵᠤ ᠴᠢᠳᠠᠯ᠎ᠠ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号