ᠰᠢ ᠶᠢᠨ ᠫᠢᠩ ︽ᠶᠠᠳᠠᠭᠤ ᠠᠴᠠ ᠠᠩᠭᠢᠵᠢᠷᠠᠭᠤᠯᠬᠤ ᠪᠠ ᠲᠦᠷᠦ ᠶᠢᠨ ᠨᠠᠮ ᠤᠨ ᠬᠠᠷᠢᠭᠤᠴᠠᠯᠭ᠎ᠠ︾ ᠤᠯᠠᠨ ᠤᠯᠤᠰ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2020/10/14
   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠡ ᠶᠢᠨ 12 ᠤᠨ ᠴᠠᠬᠢᠯᠭᠠᠨ ᠮᠡᠳᠡᠭᠡ ︽ᠶᠠᠳᠠᠭᠤ ᠠᠴᠠ ᠠᠩᠭᠢᠵᠢᠷᠠᠭᠤᠯᠬᠤ ᠪᠠ ᠲᠦᠷᠦ ᠶᠢᠨ ᠨᠠᠮ ᠤᠨ ᠬᠠᠷᠢᠭᠤᠴᠠᠯᠭ᠎ᠠ︾ ᠤᠯᠠᠨ ᠤᠯᠤᠰ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ 12 ᠤᠨ ᠡᠳᠤᠷ ᠹᠦᠵᠢᠶᠠᠨ ᠮᠤᠵᠢ ᠶᠢᠨ ᠹᠦᠵᠸᠤ ᠬᠤᠳᠠ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃    ᠰᠢ ᠶᠢᠨ ᠫᠢᠩ᠂ ᠲᠤᠮᠳᠠᠳᠤ ᠤᠯᠤᠰ ᠤᠨ ᠤᠯᠤᠰ ᠤᠨ ᠶᠠᠳᠠᠭᠤ ᠶᠢ ᠲᠡᠳᠬᠦᠬᠦ ᠡᠳᠦᠷ ᠪᠠ ᠲᠡᠯᠡᠭᠡᠢ ᠶᠢᠨ ᠶᠠᠳᠠᠭᠤ ᠬᠦᠴᠢᠷᠳᠡᠯ ᠢ ᠠᠷᠢᠯᠭᠠᠬᠤ ᠡᠳᠦᠷ ᠬᠦᠷᠴᠤ ᠢᠷᠠᠬᠦ ᠲᠠᠰᠢᠷᠠᠮ ᠢᠶᠠᠷ᠂ ︽ᠶᠠᠳᠠᠭᠤ ᠠᠴᠠ ᠠᠩᠭᠢᠵᠢᠷᠠᠭᠤᠯᠬᠤ ᠪᠠ ᠲᠦᠷᠦ ᠶᠢᠨ ᠨᠠᠮ ᠤᠨ ᠬᠠᠷᠢᠭᠤᠴᠠᠯᠭ᠎ᠠ︾ ᠤᠯᠠᠨ ᠤᠯᠤᠰ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠡᠨᠡ ᠡᠳᠦᠷ ᠹᠦᠵᠸᠤ ᠳᠤ ᠬᠤᠷᠠᠯᠳᠤᠪᠠ᠂ ᠪᠢ ᠬᠤᠷᠠᠯ ᠤᠨ ᠬᠤᠷᠠᠯᠳᠤᠬᠰᠡᠨ ᠳᠤ ᠬᠠᠯᠠᠭᠤᠨ ᠪᠠᠶᠠᠷ ᠬᠦ᠋ᠷᠭᠡᠵᠤ ᠪᠠᠶᠢᠨ᠎ᠡ ᠭᠡᠵᠤ ᠢᠯᠡᠳᠭᠡᠪᠡ᠃    ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠠᠮᠳᠤ ᠪᠠᠷ ᠴᠢᠨᠡᠭᠡᠯᠢᠭᠵᠢᠬᠦ ᠶᠢ ᠪᠠᠶᠠᠯᠡᠬᠦᠯᠬᠦ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠮᠦᠨ ᠴᠢᠨᠠᠷ ᠤᠨ ᠱᠠᠭᠠᠷᠳᠠᠯᠭ᠎ᠠ ᠮᠦᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠴᠢᠬᠤᠯᠠ ᠡᠬᠦᠷᠭᠡ ᠬᠠᠷᠢᠭᠤᠴᠠᠯᠭ᠎ᠠ ᠮᠦᠨ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠡᠯᠡᠬᠦᠯᠬᠦ ᠱᠠᠭᠠᠷᠳᠠᠯᠭ᠎ᠠ ᠠᠴᠠ ᠡᠬᠦᠰᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠠᠶᠠᠯᠡᠬᠦᠯᠬᠦ ᠭᠤᠤᠯᠳᠠᠯᠭ᠎ᠠ ᠲᠠᠢ ᠡᠬᠦᠷᠭᠡ ᠪᠤᠯᠭᠠᠵᠤ᠂ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠳᠠ ᠪᠠ ᠲᠤᠬᠢᠷᠠᠭᠤᠯᠤᠯᠳᠠ ᠬᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠲᠠᠯ᠎ᠡ ᠪᠠᠷ ᠬᠢᠵᠤ᠂ ᠲᠤᠮᠳᠠᠳᠤ ᠶᠢᠨ ᠦᠨᠳᠤᠰᠤᠳᠡᠨ ᠢ ᠭᠡᠳᠤᠨ ᠮᠢᠩᠭᠠᠨ ᠵᠢᠯ ᠭᠠᠴᠢᠬᠳᠠᠭᠤᠯᠤᠬᠰᠡᠨ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠤᠳᠠᠯ ᠦᠭᠡᠢ ᠲᠡᠤᠭᠡᠳᠤ ᠴᠢᠨᠠᠷᠳᠠᠢ ᠰᠢᠢᠳᠪᠤᠷᠢᠯᠡᠭᠳᠡᠬᠦ ᠪᠠᠷ ᠪᠠᠶᠢᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠪᠦᠬᠦ ᠲᠠᠯ᠎ᠡ ᠶᠢᠨ ᠢᠯᠠᠯᠳᠠ ᠶᠢ ᠡᠷᠡᠰ ᠲᠠᠮᠡᠴᠡᠨ ᠤᠯᠵᠤ᠂ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ 2030 ᠤᠨ ᠤ ᠦᠷᠬᠦᠯᠵᠢᠯᠡᠬᠦ ᠬᠦᠭᠵᠢᠯᠳᠠ ᠶᠢᠨ ᠵᠦᠪᠯᠡᠬᠦ ᠵᠦᠢᠯ︾ ᠤᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠴᠦᠭᠡᠳᠭᠡᠬᠦ ᠬᠠᠷᠠᠯᠳᠠ ᠶᠢ 10 ᠵᠢᠯ ᠤᠷᠢᠳᠴᠢᠯᠡᠨ ᠪᠠᠶᠠᠯᠡᠬᠦᠯᠵᠤ᠂ ᠡᠨᠡ ᠬᠦ ᠲᠤᠮᠳᠠᠳᠤ ᠶᠢᠨ ᠦᠨᠳᠤᠰᠤᠳᠡᠨ᠂ ᠬᠦᠮᠦᠨ ᠲᠦᠷᠦᠯᠬᠢᠳᠠᠨ ᠤ ᠨᠡᠶᠢᠭᠡᠮ ᠳᠤ ᠴᠦᠮ ᠴᠢᠬᠤᠯᠠ ᠶᠡᠭᠡ ᠠᠴᠢ ᠬᠤᠯᠪᠤᠬᠳᠠᠯ ᠲᠠᠢ ᠠᠭᠤᠤ ᠦᠢᠯᠡᠰ ᠢ ᠪᠡᠶᠡᠯᠡᠬᠦᠯᠬᠦ ᠳᠤ ᠪᠢᠳᠠ ᠢᠳᠡᠭᠡᠯ ᠲᠠᠢ ᠪᠦᠭᠡᠳ ᠴᠢᠳᠠᠪᠤᠷᠢ ᠲᠠᠢ ᠪᠠᠶᠢᠨ᠎ᠠ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠤᠳᠤᠬᠠᠨ ᠳᠤ᠂ ᠡᠯ᠎ᠡ ᠲᠠᠯ᠎ᠡ ᠶᠢᠨ ᠬᠠᠮᠳᠤ ᠶᠢᠨ ᠴᠢᠷᠮᠠᠶᠢᠯᠭ᠎ᠠ ᠪᠠᠷ᠂ ᠪᠦᠬᠦ ᠪᠦᠮᠪᠦᠷᠴᠡᠭ ᠤᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠴᠦᠭᠡᠳᠭᠡᠬᠦ ᠦᠢᠯᠡᠰ ᠶᠡᠬᠡᠬᠡᠨ ᠠᠬᠢᠯᠳᠠ ᠲᠠᠢ ᠪᠤᠯᠤᠭᠰᠠᠨ ᠪᠤᠯᠪᠠᠴᠤ ᠲᠤᠯᠭᠠᠷᠠᠵᠤ ᠪᠠᠶᠢᠭ᠎ᠠ ᠬᠦᠴᠢᠷ ᠪᠡᠷᠭᠡᠰᠢᠶᠠᠯ ᠪᠠ ᠦᠷᠢᠰᠦᠯᠳᠦᠭᠡᠨ ᠮᠦᠨ ᠬᠦ ᠮᠠᠰᠢ ᠬᠦᠨᠳᠦ ᠨᠤᠴᠢᠳᠠᠢ ᠪᠠᠶᠢᠨ᠎ᠡ᠂ ᠡᠯ᠎ᠡ ᠤᠯᠤᠰ ᠤᠨ ᠲᠦᠷᠦ ᠶᠢᠨ ᠨᠠᠮ ᠢ ᠪᠠᠭᠳᠠᠭᠠᠬᠰᠡᠨ ᠲᠡᠯᠡᠭᠡᠢ ᠨᠡᠶᠢᠭᠡᠮ ᠤᠨ ᠬᠢᠨ ᠬᠠᠮᠳᠤ ᠶᠢᠨ ᠲᠠᠨᠢᠯᠳᠠ ᠪᠠᠨ ᠨᠢᠬᠳᠠᠷᠠᠭᠤᠯᠤᠨ᠂ ᠭᠠᠷ ᠬᠤᠯᠪᠤᠨ ᠬᠠᠮᠳᠤᠷᠠᠯᠴᠠᠵᠤ᠂ ᠤᠯᠠᠨ ᠲᠠᠯᠠᠳᠤ ᠦᠵᠡᠯ ᠢ ᠪᠠᠷᠢᠮᠳᠠᠯᠠᠨ᠂ ᠡᠩᠭᠡ ᠲᠠᠶᠢᠪᠤᠩ ᠲᠤᠬᠳᠠᠭᠤᠨ ᠪᠠᠶᠢᠳᠠᠯ ᠢ ᠬᠠᠮᠠᠭᠠᠯᠠᠵᠤ᠂ ᠪᠦᠬᠦ ᠪᠦᠮᠪᠦᠷᠴᠡᠭ ᠤᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠴᠦᠭᠡᠳᠭᠡᠬᠦ ᠠᠬᠢᠴᠠ ᠶᠢ ᠱᠠᠯᠠᠪᠳᠠᠭᠤᠯᠤᠨ ᠠᠬᠢᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠡ᠃ ᠬᠤᠷᠠᠯ ᠳᠤ ᠤᠷᠤᠯᠴᠠᠬᠰᠡᠨ ᠡᠷᠬᠢᠮ ᠵᠤᠴᠢᠳ ᠲᠤᠷᠰᠢᠯᠭ᠎ᠠ ᠪᠠᠨ ᠰᠤᠯᠢᠯᠴᠠᠨ᠂ ᠵᠢᠮ᠎ᠡ ᠶᠤᠰᠤ ᠶᠢ ᠳ᠋ᠦᠡᠭᠨᠡᠬᠦ ᠪᠠᠷ ᠲᠠᠮᠵᠢᠵᠤ᠂ ᠪᠦᠬᠦ ᠪᠦᠮᠪᠦᠷᠴᠡᠭ ᠤᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠴᠦᠭᠡᠳᠭᠡᠬᠦ ᠦᠢᠯᠡᠰ ᠢ ᠠᠬᠢᠭᠤᠯᠬᠤ ᠶᠢ ᠬᠠᠮᠳᠤ ᠪᠠᠷ ᠵᠦᠪᠳᠡᠯᠴᠡᠨ᠂ ᠶᠠᠳᠠᠭᠤ ᠬᠦᠴᠢᠷᠳᠡᠯ ᠢ ᠢᠯᠡᠨ ᠲᠠᠪᠠᠭ᠋ᠤ ᠢᠳᠡᠭᠡᠯ ᠢᠶᠠᠨ ᠨᠡᠮᠡᠭᠳᠡᠬᠦᠯᠵᠤ᠂ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ 2030 ᠤᠨ ᠤ ᠦᠷᠬᠦᠯᠵᠢᠯᠡᠬᠦ ᠬᠦᠭᠵᠢᠯᠳᠠ ᠶᠢᠨ ᠵᠦᠪᠯᠡᠬᠦ ᠵᠦᠢᠯ︾ ᠤᠨ ᠬᠠᠷᠠᠯᠳᠠ ᠶᠢ ᠪᠠᠶᠡᠯᠡᠬᠦᠯᠬᠦ ᠳᠤ ᠤᠶᠤᠨ ᠤᠬᠠᠭᠠᠨ ᠪᠠ ᠬᠦᠴᠤᠨ ᠴᠢᠳᠠᠯ ᠢᠶᠠᠨ ᠡᠷᠬᠦᠬᠦ ᠶᠢ ᠬᠦᠰᠡᠵᠤ ᠪᠠᠶᠢᠨ᠎ᠡ ᠭᠡᠵᠤ ᠴᠢᠬᠤᠯᠠᠴᠢᠯᠠᠪᠠ᠃    ︽ᠶᠠᠳᠠᠭᠤ ᠠᠴᠠ ᠠᠩᠭᠢᠵᠢᠷᠠᠭᠤᠯᠬᠤ ᠪᠠ ᠲᠦᠷᠦ ᠶᠢᠨ ᠨᠠᠮ ᠤᠨ ᠬᠠᠷᠢᠭᠤᠴᠠᠯᠭ᠎ᠠ︾ ᠤᠯᠠᠨ ᠤᠯᠤᠰ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠢ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠭᠠᠳᠠᠭᠠᠳᠤ ᠲᠠᠢ ᠬᠤᠯᠪᠤᠭ᠎ᠠ ᠠᠪᠬᠤ ᠬᠡᠯᠳᠡᠰ ᠪᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠹᠦᠵᠢᠶᠠᠨ ᠮᠤᠵᠢ ᠶᠢᠨ ᠬᠤᠷᠢᠶ᠎ᠡ ᠠᠴᠠ ᠬᠠᠮᠳᠤᠷᠠᠨ ᠡᠷᠬᠢᠯᠡᠪᠠ᠃ ᠯᠠᠤᠰ ᠤᠨ ᠠᠷᠠᠳ ᠤᠨ ᠬᠤᠪᠢᠰᠬᠠᠯᠳᠤ ᠨᠠᠮ ᠤᠨ ᠲᠦᠪ ᠬᠤᠷᠢᠶᠠᠨ ᠤ ᠶᠡᠷᠤᠩᠭᠡᠢ ᠱᠦᠵᠢ᠂ ᠤᠯᠤᠰ ᠤᠨ ᠲᠡᠷᠢᠬᠦᠯᠡᠭᠴᠢ ᠪᠧᠨ᠋ᠶᠠᠩ᠂ ᠨᠠᠮᠢᠪᠢᠶ᠎ᠡ ᠶᠢᠨ ᠠᠷᠠᠳ ᠤᠨ ᠵᠤᠬᠢᠶᠠᠨ ᠪᠠᠶᠢᠭᠤᠯᠤᠯᠳᠠ ᠨᠠᠮ ᠤᠨ ᠲᠡᠷᠢᠬᠦᠯᠡᠭᠴᠢ᠂ ᠶᠡᠷᠤᠩᠭᠡᠶᠢᠯᠡᠭᠴᠢ ᠭᠸᠡᠭᠧᠪᠦ᠋᠂ ᠽᠢᠮᠪᠠᠪᠦ᠋ᠸᠧᠢ ᠶᠢᠨ ᠠᠹᠷᠢᠺᠠ ᠲᠢᠪ ᠤᠨ ᠦᠨᠳᠤᠰᠤᠳᠡᠨ ᠤ ᠬᠤᠯᠪᠤᠭ᠎ᠠ — ᠤᠯᠤᠰ ᠢᠶᠠᠨ ᠬᠠᠶᠢᠷᠠᠯᠠᠬᠤ ᠹᠷᠤᠨᠲ ᠤᠨ ᠲᠡᠷᠢᠬᠦᠯᠡᠭᠴᠢ ᠪᠦᠭᠡᠳ ᠨᠢᠭᠡᠳᠤᠭᠡᠷ ᠱᠦᠵᠢ᠂ ᠶᠡᠷᠤᠩᠭᠡᠶᠢᠯᠡᠭᠴᠢ ᠮᠦᠨᠠᠨᠵᠢᠶᠠᠬᠦ᠋ᠸᠠ᠂ ᠪᠦᠬᠦᠳᠠ ᠨᠠᠶᠢᠷᠠᠮᠳᠠᠬᠤ ᠲᠤᠮᠳᠠᠳᠤ ᠠᠹᠷᠢᠺᠠ ᠤᠯᠤᠰ ᠤᠨ ᠪᠦᠯᠬᠦᠮᠳᠡᠯ ᠨᠢᠭᠡᠳᠤᠯ ᠤᠨ ᠬᠦᠳᠡᠯᠭᠡᠭᠡᠨ ᠤ ᠡᠬᠦᠰᠭᠡᠭᠴᠢ᠂ ᠶᠡᠷᠤᠩᠭᠡᠶᠢᠯᠡᠭᠴᠢ ᠲᠦᠸᠠᠳ᠋ᠷᠠ᠂ ᠮᠠᠯᠠᠸᠢ ᠶᠢᠨ ᠶᠡᠭᠡ ᠬᠤᠷᠠᠯ ᠨᠠᠮ ᠤᠨ ᠲᠡᠷᠢᠬᠦᠯᠡᠭᠴᠢ᠂ ᠶᠡᠷᠤᠩᠭᠡᠶᠢᠯᠡᠭᠴᠢ ᠴᠠᠺᠸᠧᠢᠯᠠ᠂ ᠠᠷᠭᠧᠨ᠋ᠲ᠋ᠢᠨ ᠤ ᠶᠡᠷᠤᠩᠭᠡᠶᠢᠯᠡᠭᠴᠢ ᠹᠸᠢᠢᠷᠨᠠᠨᠳᠧᠰ᠂ ᠰᠦᠷᠢᠨᠠᠮ ᠤᠨ ᠲᠠᠪᠰᠢᠯᠳᠠ ᠦᠭᠡᠷᠡᠴᠢᠯᠡᠯᠳᠠ ᠨᠠᠮ ᠤᠨ ᠲᠡᠷᠢᠬᠦᠯᠡᠭᠴᠢ᠂ ᠶᠡᠷᠤᠩᠭᠡᠶᠢᠯᠡᠭᠴᠢ ᠳ᠋ᠠᠨᠳᠤᠵᠢ ᠨᠠᠷ ᠪᠢᠴᠢᠭ ᠤᠨ ᠬᠡᠯᠪᠡᠷᠢ ᠪᠤᠶᠤ ᠸᠢᠳᠢᠣ᠋ ᠬᠡᠯᠪᠡᠷᠢ ᠪᠠᠷ ᠪᠠᠶᠠᠷ ᠬᠦᠷᠭᠡᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠲᠤᠤᠷ᠎ᠡ ᠲᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠲᠡᠤᠭᠡᠳᠤ ᠴᠢᠨᠠᠷᠳᠠᠢ ᠠᠮᠵᠢᠯᠳᠠ ᠤᠯᠤᠬᠰᠡᠨ ᠢ ᠲᠡᠭᠡᠳᠤ ᠬᠡᠮᠵᠢᠶ᠎ᠡ ᠪᠠᠷ ᠦᠨᠡᠯᠡᠵᠤ᠂ ᠡᠯ᠎ᠡ ᠤᠯᠤᠰ ᠤᠨ ᠲᠦᠷᠦ ᠶᠢᠨ ᠨᠠᠮ ᠤᠯᠤᠰ ᠲᠦᠷᠦ ᠪᠠᠷ ᠬᠦᠳᠤᠯᠤᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠲᠠᠯ᠎ᠡ ᠶᠢᠨ ᠬᠠᠮᠳᠤ ᠶᠢᠨ ᠲᠠᠨᠢᠯᠳᠠ ᠶᠢ ᠨᠢᠬᠳᠠᠷᠠᠭᠤᠯᠵᠤ᠂ ᠤᠯᠠᠨ ᠤᠯᠤᠰ ᠤᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠴᠦᠭᠡᠳᠭᠡᠬᠦ ᠬᠠᠮᠳᠤᠷᠠᠯᠴᠠᠭ᠎ᠠ ᠶᠢ ᠠᠬᠢᠭᠤᠯᠪᠡᠯ ᠵᠤᠬᠢᠨ᠎ᠡ ᠭᠡᠵᠤ ᠰᠠᠨᠠᠯ ᠨᠢᠭᠡᠳᠠᠢ ᠦᠵᠡᠵᠡᠭᠡᠪᠡ᠃ 100 ᠭᠠᠷᠤᠢ ᠤᠯᠤᠰ ᠠᠴᠠ ᠢᠷᠡᠭᠰᠡᠨ 400 ᠰᠢᠬᠠᠮ ᠲᠦᠷᠦ ᠶᠢᠨ ᠨᠠᠮ ᠤᠨ ᠲᠦᠯᠦᠭᠡᠯᠡᠭᠴᠢ ᠪᠠ ᠲᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ᠂ ᠲᠤᠮᠳᠠᠳᠤ ᠤᠯᠤᠰ ᠲᠤ ᠰᠠᠭᠤᠭ᠎ᠠ ᠤᠯᠠᠨ ᠤᠯᠤᠰ ᠤᠨ ᠪᠠᠶᠢᠭᠤᠯᠤᠮᠵᠢ ᠶᠢᠨ ᠲᠦᠯᠦᠭᠡᠯᠡᠭᠴᠢ᠂ ᠲᠤᠮᠳᠠᠳᠤ ᠤᠯᠤᠰ ᠲᠤ ᠰᠠᠭᠤᠭ᠎ᠠ ᠬᠦᠭᠵᠢᠵᠤ ᠪᠠᠶᠢᠭ᠎ᠠ ᠤᠯᠤᠰ ᠤᠳ ᠤᠨ ᠵᠠᠭᠤᠴᠢᠯᠠᠭᠤᠷ ᠤᠨ ᠬᠢᠨ ᠤ ᠲᠦᠯᠦᠭᠡᠯᠡᠭᠴᠢ᠂ ᠤᠶᠤᠨ ᠤ ᠬᠦᠮᠦᠷᠭᠡ ᠶᠢᠨ ᠡᠷᠳᠡᠮᠳᠠᠨ ᠨᠠᠷ ᠰᠦᠯᠵᠢᠶ᠎ᠡ ᠪᠠᠷ ᠪᠤᠶᠤ ᠲᠤᠬᠠᠢ ᠶᠢᠨ ᠲᠠᠯᠠᠪᠠᠢ ᠳᠤ ᠬᠤᠷᠠᠯ ᠳᠤ ᠤᠷᠤᠯᠴᠠᠬᠰᠡᠨ ᠪᠠᠶᠢᠨ᠎ᠡ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号