ᠰᠢ ᠶᠢᠨ ᠫᠢᠩ ᠯᠠᡁᠧᠮᠧᠩ ᠲᠠᠵᠢᠺᠰᠲ᠋ᠠᠨ ᠤ ᠶᠠᠷᠤᠩᠬᠡᠶᠢᠯᠡᠭᠴᠢ ᠪᠠᠷ ᠰᠤᠩᠭᠤᠬᠳᠠᠬᠰᠠᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2020/10/14
     ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 12 ᠤᠨ ᠴᠠᠬᠢᠯᠭᠠᠨ ᠮᠡᠳᠡᠭᠡ ᠤᠯᠤᠰ ᠤᠨ ᠲᠡᠷᠢᠬᠦᠯᠡᠭᠴᠢ ᠰᠢ ᠶᠢᠨ ᠫᠢᠩ ᠯᠠᡁᠧᠮᠧᠩ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠬᠦᠨ ᠤ ᠪᠦᠬᠦᠳᠠ ᠨᠠᠶᠢᠷᠠᠮᠳᠠᠬᠤ ᠲᠡᠵᠢᠺᠰᠲ᠋ᠠᠨ ᠤᠯᠤᠰ ᠤᠨ ᠶᠠᠷᠤᠩᠬᠡᠶᠢᠯᠡᠭᠴᠢ ᠪᠠᠷ ᠲᠠᠬᠢᠨᠳᠠ ᠰᠤᠩᠭᠤᠬᠳᠠᠬᠰᠠᠨ ᠳᠤ ᠪᠠᠶᠠᠷ ᠬᠦᠷᠬᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠲᠠᠵᠢᠺᠰᠲ᠋ᠠᠨ ᠬᠤᠶᠠᠷ ᠤᠯᠤᠰ ᠪᠤᠯ ᠠᠭᠤᠯᠠ ᠤᠰᠤ ᠪᠠᠷ ᠵᠠᠯᠭᠠᠯᠳᠤᠬᠰᠠᠨ ᠡᠶᠡᠯᠳᠡᠭ ᠬᠦᠷᠰᠢ᠂ ᠬᠠᠷᠢᠯᠴᠠᠨ ᠲᠡᠮᠵᠢᠯᠴᠡᠭᠰᠡᠨ ᠰᠠᠶᠢᠨ ᠨᠠᠶᠢᠵᠠ᠂ ᠬᠠᠷᠢᠯᠴᠠᠨ ᠢᠳᠡᠭᠡᠯᠴᠡᠭᠰᠡᠨ ᠰᠠᠶᠢᠨ ᠬᠠᠨᠢᠳᠠᠨ ᠶᠤᠮ᠃ ᠤᠢᠢᠷ᠎ᠠ ᠶᠢᠨ ᠵᠢᠯ ᠤᠨ ᠲᠤᠷᠰᠢ᠂ ᠳᠤᠮᠳᠠᠳᠤ ᠲᠠᠵᠢᠺᠰᠲ᠋ᠠᠨ ᠤ ᠬᠠᠷᠢᠯᠴᠠᠭ᠎ᠠ ᠲᠠᠪᠠᠯᠳᠠᠳᠤ ᠬᠦᠭᠵᠢᠯᠳᠠ ᠶᠢ ᠪᠡᠶᠡᠯᠡᠬᠦᠯᠵᠤ᠂ ᠬᠤᠶᠠᠷ ᠲᠠᠯ᠎ᠠ ᠪᠠᠷ ᠢᠶᠠᠨ ᠶᠠᠭᠤᠨ ᠤ ᠤᠷᠢᠳ ᠳᠤᠮᠳᠠᠳᠤ ᠲᠠᠵᠢᠺᠰᠲ᠋ᠠᠨ ᠤ ᠬᠦᠭᠵᠢᠯᠳᠠ ᠶᠢᠨ ᠬᠠᠮᠳᠤ ᠶᠢᠨ ᠴᠤᠬᠴᠠ ᠪᠤᠯᠤᠨ ᠠᠮᠤᠷ ᠲᠦᠪᠰᠢᠨ ᠤ ᠬᠠᠮᠳᠤ ᠶᠢᠨ ᠴᠤᠬᠴᠠ ᠶᠢ ᠪᠠᠶᠢᠭᠤᠯᠬᠤ ᠪᠠᠷ ᠨᠡᠶᠢᠳᠠᠯᠠᠵᠤ᠂ ᠬᠦᠮᠤᠨ ᠲᠦᠷᠤᠯᠬᠢᠳᠠᠨ ᠤ ᠬᠤᠪᠢ ᠵᠠᠶᠠᠭᠠᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠠᠬᠢᠭᠤᠯᠬᠤ ᠲᠠᠯ᠎ᠠ ᠪᠠᠷ ᠡᠮᠤᠨ᠎ᠠ ᠡᠩᠨᠡᠭᠡᠨ ᠳᠤ ᠶᠠᠪᠤᠵᠤ᠂ ᠲᠡᠯᠡᠬᠡᠢ ᠨᠡᠶᠢᠬᠡᠮ ᠳᠤ ᠦᠯᠢᠬᠡᠷ ᠳᠠᠭᠤᠷᠢᠶᠠᠯ ᠪᠤᠯᠪᠠ᠃ ᠪᠢ ᠳᠤᠮᠳᠠᠳᠤ ᠲᠠᠵᠢᠺᠰᠲ᠋ᠠᠨ ᠤ ᠬᠠᠷᠢᠯᠴᠠᠭ᠎ᠠ ᠶᠢᠨ ᠬᠦᠭᠵᠢᠯᠳᠠ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠲᠤᠷᠠᠳᠠᠶ᠎ᠠ ᠲᠠᠨ ᠲᠠᠢ ᠭᠠᠷ ᠬᠤᠯᠪᠤᠯᠴᠠᠨ ᠴᠢᠷᠮᠠᠶᠢᠵᠤ᠂ ᠳᠤᠮᠳᠠᠳᠤ ᠲᠠᠵᠢᠺᠰᠲ᠋ᠠᠨ ᠤ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢᠨ ᠲᠠᠰᠤᠷᠠᠯᠳᠠ ᠦᠬᠡᠢ ᠰᠢᠨ᠎ᠠ ᠲᠡᠭᠳᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠤᠢᠢᠯᠡᠳᠤᠨ᠎ᠠ ᠬᠡᠵᠤ ᠵᠢᠭᠠᠵᠤ ᠭᠠᠷᠭᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号