ᠬᠦᠴᠦ ᠵᠢᠳᠭᠦᠯ ᠤᠨ ᠬᠠᠷᠢᠭᠤ ᠳᠤ ᠬᠤᠷᠢᠶᠠᠯᠲᠠ ᠶᠢᠨ ᠪᠠᠶᠠᠰᠤᠯ ᠲᠤᠳᠤᠷᠠᠨ᠎ᠠ
ᠨᠡᠶᠢᠲᠡᠯᠡᠭᠰᠡᠨ ᠴᠠᠭ᠄
2020/10/16
  ᠪᠠᠶᠠᠨ ᠨᠠᠮᠦᠷ ᠤᠨ ᠡᠯᠪᠡᠭ ᠬᠤᠷᠢᠶᠠᠯᠲᠠ ᠶᠢᠨ ᠤᠯᠠᠷᠢᠯ ᠢᠶᠠᠷ ᠭᠠᠵᠠᠷ ᠪᠦᠬᠦᠨ ᠳᠤ ᠪᠠᠶᠠᠷ ᠪᠠᠭ᠋ᠠᠳᠤᠯ ᠪᠢᠯᠬᠠᠨ᠎ᠠ᠃ ᠡᠨᠡ ᠬᠦ ᠮᠦᠴᠡ ᠳᠤ ᠦᠤᠰᠢᠨ ᠬᠤᠰᠢᠭᠤᠨ ᠤ ᠰᠦᠯᠲᠡ ᠰᠤᠮᠤᠨ ᠤ ᠨᠠᠷᠢᠨᠭᠤᠤᠯ ᠲᠤᠰᠬᠤᠨ ᠤ ᠬᠢᠨ ᠴᠤ ᠠᠩᠬᠠᠨ ᠤ ᠬᠠᠮᠳᠤ ᠶᠢᠨ ᠠᠵᠦ ᠠᠬᠤᠢ ᠶᠢᠨ ᠤᠷᠤᠯᠭ᠎ᠠ ᠪᠠᠨ ᠤᠯᠤᠭᠠᠳ ᠤᠷᠮᠠᠰᠢᠨ ᠵᠤᠷᠢᠭᠵᠢᠯ᠎ᠠ᠃   ᠨᠠᠷᠢᠨᠭᠤᠤᠯ ᠲᠤᠰᠬᠤᠨ ᠳᠤ ᠵᠢᠯ ᠤᠨ ᠡᠬᠢᠨ ᠬᠦᠷᠳᠡᠯ᠎ᠠ ᠬᠠᠮᠳᠤ ᠶᠢᠨ ᠠᠵᠦ ᠦᠢᠯᠡᠰ ᠦᠭᠡᠢ ᠪᠠᠶᠢᠪᠠ᠃ ᠲᠤᠰᠬᠤᠨ ᠤ ᠭᠤᠷᠪᠠᠨ ᠵᠦᠪᠯᠡᠯ ᠤᠨ ᠬᠢᠨ ᠤᠯᠠᠨ ᠤᠲᠠᠭᠠᠨ ᠤ ᠬᠤᠷᠠᠯ ᠬᠢᠵᠦ᠂ ᠬᠠᠮᠳᠤ ᠶᠢᠨ ᠠᠵᠦ ᠠᠬᠤᠢ ᠶᠢ ᠬᠦᠭᠵᠢᠭᠦᠯᠬᠦ ᠠᠵᠢᠯ ᠢ ᠪᠦᠬᠦ ᠵᠢᠯ ᠤᠨ ᠭᠤᠤᠯ ᠠᠵᠢᠯ ᠢᠶᠠᠷ ᠲᠤᠭᠳᠠᠭᠠᠵᠦ᠂ ᠡᠯ᠎ᠠ ᠬᠠᠮᠢᠶ᠎ᠠ ᠪᠦᠬᠦᠢ ᠪᠠᠶᠢᠭᠤᠯᠭ᠎ᠠ ᠲᠠᠢ ᠢᠲᠡᠪᠬᠢᠲᠠᠢ ᠬᠠᠷᠢᠯᠴᠠᠨ ᠲᠡᠳᠭᠦᠨ ᠲᠡᠮᠵᠢᠬᠦ ᠪᠡᠯᠡ ᠮᠦᠩᠭᠦ ᠴᠤᠭᠯᠠᠭᠤᠯᠵᠠᠢ᠃ ᠲᠤᠰᠬᠤᠨ ᠤ ᠭᠤᠷᠪᠠᠨ ᠵᠦᠪᠯᠡᠯ ᠤᠨ ᠪᠦᠬᠦ ᠭᠡᠰᠢᠭᠦᠳ ᠴᠤ ᠰᠡᠳᠭᠢᠯ ᠨᠢᠭᠡᠳᠤᠨ ᠬᠦᠴᠦ ᠬᠠᠮᠳᠤᠷᠠᠯᠴᠠᠵᠦ᠂ ᠬᠦᠮᠦᠨ ᠪᠦᠬᠦᠨ ᠪᠡᠯᠡ ᠮᠦᠩᠭᠦ᠂ ᠬᠦᠴᠦ ᠴᠢᠳᠠᠯ ᠢᠶᠠᠨ ᠭᠠᠷᠭᠠᠵᠦ᠂ ᠨᠡᠶᠢᠳᠡ 24 ᠰᠠᠭᠤᠷᠢ ᠲᠤᠯᠠᠭᠠᠨ ᠬᠦᠯᠠᠮᠵᠢ ᠪᠠᠶᠢᠭᠤᠯᠤᠨ ᠯᠠᠵᠤᠤ ᠲᠠᠷᠢᠵᠦ ᠡᠬᠢᠯᠡᠭᠰᠡᠨ ᠪᠠᠶᠢᠨ᠎ᠠ᠃   ᠦᠤᠰᠢᠨ ᠬᠤᠰᠢᠭᠤᠨ ᠤ ᠬᠦᠷᠦᠰᠤ ᠰᠢᠷᠦᠢ ᠶᠢ ᠬᠠᠮᠠᠭᠠᠯᠠᠬᠤ ᠲᠦᠪ ᠤᠨ ᠨᠠᠷᠢᠨᠭᠤᠤᠯ ᠲᠤᠰᠬᠤᠨ ᠳᠤ ᠲᠤᠮᠢᠯᠠᠭᠰᠠᠨ ᠨᠢᠭᠡᠳᠤᠭᠡᠷ ᠱᠦᠵᠢ ᠰᠡᠷᠭᠦᠯᠡᠩ᠄ ︽ᠮᠠᠨ ᠤ ᠲᠤᠰᠬᠤᠨ ᠲᠠᠷᠢᠭᠰᠠᠨ ᠯᠠᠵᠤᠤ ᠪᠠᠨ ᠨᠢᠭᠡ ᠡᠳᠤᠷ ᠠᠯᠤᠰᠯᠠᠭᠠᠳ ᠨᠢᠭᠡ ᠵᠠᠬ᠎ᠠ ᠲᠡᠯᠭᠡᠭᠦᠷ ᠲᠤ ᠭᠠᠷᠭᠠᠳᠠᠭ᠂ ᠵᠢᠩ ᠪᠦᠷᠢ ᠶᠢ ᠨᠢ 8 ᠲᠦᠭᠦᠷᠢᠭ‌‍ᠢᠶ᠋ᠠᠷ ᠬᠤᠳᠠᠯᠳᠤᠳᠠᠭ᠃ ᠡᠨᠡ ᠵᠢᠯ ᠤᠨ ᠮᠠᠨ ᠤ ᠲᠠᠷᠢᠭᠰᠠᠨ ᠯᠠᠵᠤᠤ ᠶᠢᠨ ᠪᠤᠷᠤᠯᠠᠭᠤᠯᠭ᠎ᠠ ᠰᠠᠶᠢᠨ ᠮᠦᠷᠲᠡᠭᠡᠨ ᠦᠨ᠎ᠠ ᠬᠠᠩᠰᠢ ᠨᠢ ᠴᠤ ᠨᠡᠯᠢᠶᠡᠳ ᠬᠠᠨᠤᠮᠵᠢᠲᠠᠢ ᠪᠠᠶᠢᠨ᠎ᠠ᠃ ᠪᠢᠳᠠ ᠠᠩᠬ᠎ᠠ ᠡᠬᠢᠨ ᠳᠡᠭᠡᠨ ᠪᠡᠯᠡ ᠮᠦᠩᠭᠦ ᠬᠤᠮᠰᠠ ᠪᠠᠶᠢᠵᠦ᠂ ᠦᠪᠡᠰᠤᠪᠡᠨ ᠵᠤᠭᠤᠰ ᠮᠦᠩᠭᠦ ᠴᠤᠭᠯᠠᠭᠤᠯᠵᠦ ᠪᠠᠶᠢᠭᠠᠳ ᠡᠨᠡ ᠬᠦ ᠬᠠᠮᠳᠤ‌‍ᠶᠢᠨ ᠠᠵᠦ ᠠᠬᠤᠢ ᠶᠢ ᠬᠦᠭᠵᠢᠭᠦᠯᠦᠭᠰᠡᠨ ᠪᠢᠯᠡ᠃ ᠲᠡᠷᠡ ᠮᠦᠷᠳᠡᠭᠡᠨ ᠪᠢᠳᠠ ᠯᠠᠵᠤᠤ ᠲᠠᠷᠢᠬᠤ ᠲᠦᠭᠦᠭᠡᠷᠦᠮᠵᠢ ᠶᠢ ᠠᠪᠴᠢᠷᠠᠭᠰᠠᠨ ᠤ ᠲᠠᠷᠠᠭ᠎ᠠ ᠪᠡᠯᠡ ᠮᠦᠩᠭᠦ ᠲᠤᠳᠠᠮᠠᠭ ᠠᠴᠠ ᠪᠤᠯᠤᠭᠠᠳ 45 ᠡᠳᠤᠷ ᠵᠠᠷᠤᠴᠠᠭᠤᠯᠵᠦ ᠪᠠᠶᠢᠭᠠᠳ ᠦᠪᠡᠰᠤᠪᠠᠨ ᠲᠤᠯᠠᠭᠠᠨ ᠬᠦᠯᠡᠮᠵᠢ ᠪᠠᠨ ᠪᠤᠰᠬᠠᠵᠦ ᠯᠠᠵᠤᠤ ᠲᠠᠷᠢᠵᠦ ᠡᠬᠢᠯᠡᠭᠰᠡᠨ ᠶᠤᠮ᠃ ᠪᠢᠲᠠᠨ ᠤ ᠬᠠᠮᠳᠤ ᠶᠢᠨ ᠴᠢᠷᠮᠠᠶᠢᠯᠭ᠎ᠠ ᠲᠤᠤᠷ᠎ᠠ ᠤᠳᠤ ᠯᠠᠵᠤᠤ ᠡᠯᠪᠡᠭ ᠬᠤᠷᠢᠶᠠᠯᠲᠠ ᠤᠯᠵᠦ᠂ ᠪᠤᠷᠤᠯᠠᠭᠤᠯᠭ᠎ᠠ ᠴᠤ ᠰᠠᠶᠢᠨ ᠪᠠᠶᠢᠵᠦ᠂ ᠨᠢᠭᠡᠨᠲᠡ 5 ᠲᠦᠮᠡᠨ ᠲᠦᠭᠦᠷᠢᠭ ᠤᠨ ᠤᠷᠤᠯᠭ᠎ᠠ ᠲᠠᠢ ᠪᠤᠯᠤᠭᠰᠠᠨ ᠰᠢᠦ︾ ᠭᠡᠮᠡᠨ ᠮᠦᠰᠢᠶᠡᠳᠤ ᠲᠦᠭᠦᠷᠠᠩ ᠶᠠᠷᠢᠨ᠎ᠠ᠃   ᠲᠡᠳᠡ ᠪᠠᠰᠠ ᠲᠤᠰᠬᠤᠨ ᠤ ᠠᠷᠠᠳ ᠢᠶᠠᠨ ᠤᠷᠮᠠᠰᠢᠭᠤᠯᠤᠨ ᠲᠠᠶᠢᠴᠢᠯᠠᠭᠰᠠᠨ ᠢᠶᠠᠷ᠂ ᠲᠠᠷᠢᠶᠠᠯᠠᠭ᠎ᠠ ᠶᠢᠨ ᠴᠠᠭ ᠤᠨ ᠬᠦᠴᠢᠷ ᠢ ᠲᠤᠭᠤᠯᠵᠦ᠂ ᠡᠯᠪᠡᠭ ᠬᠤᠷᠢᠶᠠᠯᠲᠠ ᠪᠠᠨ ᠤᠭᠳᠤᠵᠦ ᠪᠠᠶᠢᠭ᠎ᠠ ᠨᠢ ᠡᠨᠡ ᠪᠢᠯᠡ᠃
  ᠰᠡᠷᠬᠦᠯᠡᠩ ᠱᠦᠵᠢ ᠯᠠᠵᠤᠤ ᠪᠠᠨ ᠲᠠᠨᠢᠯᠴᠠᠭᠤᠯᠵᠤ ᠪᠠᠶᠢᠭ᠎ᠠ ᠨᠢ
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号