ᠪᠠᠶᠠᠵᠢᠯ ᠤᠨ ᠵᠢᠯᠤᠭᠤ ᠠᠳᠬᠤᠭᠤᠯᠤᠭᠰᠠᠨ ᠴᠢᠪᠠᠭ᠎ᠠ ᠲᠡᠭᠦᠬᠦ ᠵᠤᠭᠠᠴᠠᠯ
ᠨᠡᠶᠢᠲᠡᠯᠡᠭᠰᠡᠨ ᠴᠠᠭ᠄
2020/10/16
    ᠤᠢᠢᠷ᠎ᠠ ᠶᠢᠨ ᠬᠤᠭᠤᠴᠠᠭᠠᠨ ᠳᠤ ᠦᠤᠰᠢᠨ ᠬᠤᠰᠢᠭᠤᠨ ᠤ ᠰᠦᠯᠳᠡ ᠰᠤᠮᠤᠨ ᠤ ᠱᠠᠷᠯᠢᠭ ᠭᠠᠴᠠᠭᠠᠨ ᠳᠤ ᠪᠠᠶᠢᠭ᠎ᠠ ᠴᠢᠪᠠᠭ᠎ᠠ ᠶᠢᠨ ᠦᠵᠡᠮᠦᠷᠢ ᠶᠢᠨ ᠬᠦᠷᠢᠶᠡᠯᠡᠩ ᠡᠯᠪᠡᠭ ᠬᠤᠷᠢᠶᠠᠯᠲᠠ ᠶᠢᠨ ᠦᠡᠭᠭᠡ ᠦᠵᠡᠮᠵᠢ ᠪᠠᠷ ᠢᠶᠠᠨ ᠵᠤᠭᠠᠴᠠᠭᠰᠠᠳ ᠢᠶᠠᠨ ᠤᠭᠳᠤᠯ᠎ᠠ᠃ ᠴᠢᠪᠠᠭ᠎ᠠ ᠶᠢᠨ ᠮᠤᠳᠤᠨ ᠤ ᠲᠤᠮᠳᠠᠭᠤᠷ ᠲᠤᠭᠤᠷᠢᠨ ᠵᠤᠭᠠᠴᠠᠭᠰᠠᠳ ᠴᠢᠪᠠᠭ᠎ᠠ ᠲᠡᠭᠦᠬᠦ ᠪᠠᠶᠠᠷ ᠪᠠᠭ᠋ᠠᠳᠤᠯ ᠢ ᠡᠳ᠋ᠯᠡᠨ᠎ᠡ᠃     ᠴᠢᠪᠠᠭ᠎ᠠ ᠶᠢᠨ ᠦᠵᠡᠮᠦᠷᠢ ᠶᠢᠨ ᠬᠦᠷᠢᠶᠡᠯᠡᠩ ᠳᠤ ᠬᠡᠳᠦᠨ ᠬᠥᠮᠦᠨ ᠴᠢᠪᠠᠭ᠎ᠠ ᠲᠡᠭᠦᠬᠦ ᠶᠢᠨ ᠳᠠᠭᠠᠤ ᠴᠢᠪᠠᠭ᠎ᠠ ᠠᠮᠲᠠᠯᠠᠵᠤ᠂ ᠪᠠᠶᠢᠨ ᠲᠠᠬᠢᠨ ᠭᠠᠷ ᠤᠳᠠᠰᠤ ᠪᠠᠷ ᠢᠶᠠᠨ ᠰᠠᠭᠦᠳᠡᠷ ᠲᠠᠳᠠᠵᠤ ᠳᠤᠷᠠᠰᠬᠠᠯ ᠦᠯᠡᠳᠡᠭᠡᠨ᠎ᠡ᠃ ᠲᠡᠳᠡ ᠬᠥᠳᠡᠭᠡ ᠲᠣᠰᠬᠤᠨ ᠳᠤ ᠵᠤᠭᠠᠴᠠᠵᠤ ᠴᠢᠪᠠᠭ᠎ᠠ ᠲᠡᠭᠦᠬᠦ ᠬᠠᠪᠤ ᠴᠡᠩᠭᠡᠯ ᠢ ᠡᠳ᠋ᠯᠡᠵᠦ ᠪᠠᠶᠢᠯ᠎ᠠ᠃ ᠵᠤᠭᠠᠴᠠᠭᠴᠢ ᠬᠤ᠋ ᠮᠧᠶ ᠵᠢᠶᠧ᠄ ︽ᠮᠠᠨ ᠤ ᠡᠷᠭᠢᠨ ᠲᠣᠭᠤᠷᠢᠨ ᠳᠤ ᠨᠢᠭᠡᠨ ᠴᠢᠪᠠᠭ᠎ᠠ ᠶᠢᠨ ᠦᠵᠡᠮᠦᠷᠢ ᠶᠢᠨ ᠬᠦᠷᠢᠶᠡᠯᠡᠩ ᠪᠠᠶᠢᠨ᠎ᠠ ᠭᠡᠵᠤ ᠰᠤᠨᠤᠰᠤᠭᠠᠳ ᠪᠢᠳᠡ ᠴᠢᠪᠠᠭ᠎ᠠ ᠠᠮᠲᠠᠯᠠᠬᠤ ᠪᠠᠷ ᠢᠷᠡᠭᠰᠡᠨ ᠶᠤᠮ᠃ ᠡ᠊ᠨᠳᠡ ᠢᠷᠡᠭᠡᠳ ᠰᠠᠶ᠋ᠢ ᠡᠶᠢᠮᠦ ᠣᠯᠠᠨ ᠲᠥᠷᠥᠯ ᠤᠨ ᠴᠢᠪᠠᠭ᠎ᠠ ᠪᠠᠶᠢᠬᠤ ᠶᠢ ᠮᠡᠳᠡᠵᠡᠢ᠃ ᠨᠠᠳᠠ ᠳᠤ ᠮᠠᠰᠢ ᠭᠦᠨ ᠰᠠᠭᠤᠭᠳᠠᠯ ᠦᠯᠡᠳᠡᠭᠡᠪᠡ᠂ ᠪᠢ ᠴᠢᠪᠠᠭ᠎ᠠ ᠶᠢᠨ ᠲᠤᠬᠠᠶ ᠰᠢᠨ᠎ᠡ ᠲᠠᠨᠢᠯᠲᠠ ᠲᠠᠢ ᠪᠣᠯᠵᠠᠶ︾ ᠬᠡᠵᠤ ᠶᠠᠷᠢᠵᠤ ᠪᠠᠶᠢᠯ᠎ᠠ᠃
    2013 ᠣᠨ ᠳᠤ ᠮᠤᠤᠠᠤᠰᠤ ᠶᠢᠨ ᠴᠢᠪᠠᠭ᠎ᠠ ᠶᠢᠨ ᠦᠢᠯᠡᠰ ᠤᠨ ᠰᠤᠳᠤᠯᠭᠠᠨ ᠤ ᠭᠠᠵᠠᠷ ᠰᠦᠯᠳᠡ ᠰᠤᠮᠤᠨ ᠳᠤ ᠨᠤᠲᠤᠭᠰᠢᠵᠤ᠂ ᠲᠥᠷᠥᠯ ᠵᠦᠶ᠋ᠯ ᠢ ᠡᠬᠢᠯᠡᠨ ᠪᠠᠶᠢᠭᠤᠯᠤᠭᠰᠠᠨ ᠠᠴᠠ ᠨᠠᠭᠠᠰᠢ ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠬᠥᠷᠥᠰᠥ ᠰᠢᠷᠣᠶ ᠶᠢᠨ ᠨᠦᠬᠦᠴᠡᠯ ᠳᠤ ᠳᠣᠭᠢᠷᠠᠬᠤ ᠰᠢᠯᠢᠳᠡᠭ ᠴᠢᠪᠠᠭ᠎ᠠ ᠶᠢᠨ ᠡᠭᠦᠯᠳᠡᠷ ᠢ ᠲᠣᠭᠤᠷᠢᠨ ᠦᠵᠡᠬᠦ ᠬᠦᠷᠢᠶᠡᠯᠡᠩ ᠳᠤ ᠪᠤᠶᠢᠵᠢᠭᠤᠯᠵᠠᠶ᠃ ᠣᠳᠣᠬᠠᠨ ᠳᠤ ᠬᠦᠷᠢᠶᠡᠯᠡᠩ ᠲᠣᠭᠤᠷᠢᠭ ᠲᠤ ᠴᠢᠪᠠᠭ᠎ᠠ ᠶᠢᠨ ᠦᠵᠡᠮᠦᠷᠢ ᠶᠢᠨ ᠬᠦᠷᠢᠶᠡᠯᠡᠩ᠂ ᠰᠢᠨ᠎ᠡ ᠰᠤᠷᠭᠤᠭ ᠢᠳᠡᠭᠡᠨ ᠤ ᠡᠯᠪᠡᠭ ᠬᠤᠷᠢᠶᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠬᠠᠲᠠᠭᠠᠮᠠᠯ ᠢᠳᠡᠭᠡᠨ ᠤ ᠡᠯᠪᠡᠭ ᠬᠤᠷᠢᠶᠠᠯᠲᠠ ᠶᠢᠨ ᠵᠢᠱᠢᠶ᠎ᠡ ᠦᠵᠡᠭᠦᠯᠬᠦ ᠣᠷᠣᠨ᠂ ᠫᠧᠩᠰᠡᠲᠦ ᠦᠵᠡᠮᠵᠢ ᠶᠢᠨ ᠬᠦᠷᠢᠶᠡᠯᠡᠩ ᠵᠡᠷᠭᠡ ᠠᠷᠪᠠᠨ ᠴᠢᠳᠠᠮᠵᠢᠲᠤ ᠣᠷᠣᠨ ᠢ ᠲᠣᠬᠢᠷᠠᠭᠤᠯᠵᠠᠢ᠃ ᠴᠢᠪᠠᠭ᠎ᠠ ᠶᠢᠨ ᠦᠵᠡᠮᠦᠷᠢ ᠶᠢᠨ ᠬᠦᠷᠢᠶᠡᠯᠡᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠥᠭᠵᠢᠯᠲᠡ ᠪᠠ ᠳᠠᠶᠢᠴᠢᠯᠠᠯᠲᠠ ᠪᠠᠷ ᠳᠠᠮᠵᠢᠨ ᠪᠦᠬᠦ ᠰᠤᠮᠤᠨ ᠳᠤ ᠵᠠᠭᠤ ᠭᠠᠷᠤᠶ ᠮᠠᠯᠴᠢᠨ ᠲᠠᠷᠢᠶᠠᠴᠢᠨ ᠡᠷᠦᠬᠡ ᠴᠢᠪᠠᠭ᠎ᠠ ᠶᠢᠨ ᠠᠵᠤ ᠦᠶ᠋ᠯᠡᠰ ᠢ ᠬᠥᠭᠵᠢᠭᠦᠯᠬᠦ ᠳᠤ ᠤᠷᠤᠯᠴᠠᠵᠤ᠂ ᠴᠢᠪᠠᠭ᠎ᠠ ᠶᠢᠨ ᠠᠵᠤ ᠦᠢᠯᠡᠰ ᠢᠯᠡᠷᠭᠡᠢ ᠦᠷ᠎ᠡ ᠠᠰᠢᠭ ᠤᠯᠪᠠ᠃ ᠤᠢᠢᠯᠠᠭᠠᠭᠰᠠᠨ ᠢᠶᠠᠷ᠂ ᠤᠢᠢᠷ᠎ᠠ ᠳᠤ ᠲᠤᠰ ᠰᠠᠭᠤᠷᠢᠨ ᠭᠠᠵᠠᠷ ᠢ ᠨᠢᠭᠡ ᠭᠠᠷᠠᠭ ᠨᠡᠭᠡᠭᠡᠵᠤ᠂ ᠨᠢᠭᠡ ᠭᠠᠷᠠᠭ ᠲᠤ ᠨᠡᠶᠢᠲᠡ ᠬᠤᠶᠠᠷ ᠮᠢᠩᠭ᠎ᠠ ᠭᠠᠷᠤᠶ ᠵᠤᠭᠠᠴᠠᠭᠰᠠᠳ ᠢ ᠬᠦᠯᠢᠶᠡᠨ ᠠᠪᠤᠭᠰᠠᠨ ᠪᠠᠶᠢᠨ᠎ᠠ᠃ ᠡᠳᠦᠷ ᠢᠷᠡᠬᠦᠶ᠎ᠡ ᠬᠦᠭᠵᠢᠶᠡᠨᠳᠡᠢ ᠪᠤᠯᠵᠤ ᠪᠠᠶᠢᠭ᠎ᠠ ᠴᠢᠪᠠᠭ᠎ᠠ ᠲᠡᠭᠦᠬᠦ ᠠᠵᠤ ᠦᠢᠯᠡᠰ ᠨᠢ ᠲᠣᠰᠬᠤᠨ ᠤ ᠠᠷᠠᠳ ᠤᠨ ᠵᠣᠭᠤᠰᠣᠨ ᠪᠣᠭᠴᠣ ᠶᠢ ᠲᠦᠨᠳᠦ᠋ᠢᠯᠭᠡᠭᠰᠡᠨ ᠮᠥᠷᠲᠡᠭᠡᠨ ᠲᠤᠬᠠᠶ ᠶᠢᠨ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠴᠤ ᠮᠡᠳᠡᠭᠳᠡᠮ᠎ᠡ ᠰᠠᠶᠢᠵᠢᠷᠠᠭᠤᠯᠵᠠᠶ᠃
    ᠴᠢᠪᠠᠭ᠎ᠠ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠯᠢ ᠺᠦᠩ᠄ ︽ᠡᠨᠡ ᠵᠢᠯ ᠡᠯᠪᠡᠭ ᠬᠤᠷᠢᠶᠠᠯᠲᠠ ᠤᠯᠵᠠᠢ᠃ ᠨᠢᠭᠡ ᠮᠦ ᠭᠠᠵᠠᠷ ᠠᠴᠠ ᠮᠢᠩᠭ᠎ᠠ ᠲᠠᠪᠤᠨ ᠵᠠᠭᠤᠨ ᠵᠢᠩ ᠠᠴᠠ ᠳᠡᠭᠡᠭᠰᠢ ᠭᠠᠷᠤᠯᠳᠠ ᠲᠠᠢ ᠤᠴᠢᠷ ᠠᠴᠠ ᠦᠷ᠎ᠡ ᠠᠰᠢᠭ ᠨᠢ ᠨᠡᠯᠢᠶᠡᠳ ᠰᠠᠶᠢᠨ ᠪᠠᠶᠢᠨ᠎ᠠ᠃ ᠪᠠᠶᠠᠷ ᠲᠤᠷᠠᠰᠬᠠᠯ ᠤᠨ ᠡᠳᠦᠷ ᠪᠤᠶᠤ ᠠᠮᠠᠷᠠᠯᠳᠠ ᠶᠢᠨ ᠬᠤᠭᠤᠴᠠᠭᠠᠨ ᠳᠤ ᠡᠷᠭᠢᠨ ᠲᠣᠭᠤᠷᠢᠨ ᠤ ᠬᠤᠰᠢᠭᠤ ᠲᠣᠭᠤᠷᠢᠭ ᠤᠨ ᠬᠦᠮᠦᠰ ᠴᠢᠪᠠᠭ᠎ᠠ ᠲᠡᠭᠦᠬᠦ ᠪᠠᠷ ᠢᠷᠡᠳᠡᠭ᠃ ᠡᠳᠦᠷ ᠪᠦᠷᠢ ᠳᠥᠷᠪᠡ ᠲᠠᠪᠤᠨ ᠵᠠᠭᠤᠨ ᠬᠥᠮᠦᠨ ᠢᠷᠡᠵᠤ ᠪᠠᠶᠢᠨ᠎ᠠ᠂ ᠨᠢᠭᠡ ᠡᠳᠦᠷ ᠤᠨ ᠦᠷ᠎ᠡ ᠠᠰᠢᠭ ᠨᠢ ᠳᠥᠷᠪᠡ ᠲᠠᠪᠤᠨ ᠮᠢᠩᠭᠠᠨ ᠲᠥᠭᠦᠷᠢᠭ ᠲᠤ ᠬᠦᠷᠳᠡᠭ︾ ᠬᠡᠵᠡᠢ᠃     ᠴᠢᠪᠠᠭ᠎ᠠ ᠶᠢᠨ ᠮᠣᠳᠣ ᠨᠢ ᠠᠮᠢ ᠠᠬᠤᠢ ᠶᠢᠨ ᠦᠷ᠎ᠡ ᠠᠰᠢᠭ ᠲᠠᠢ ᠮᠥᠷᠲᠡᠭᠡᠨ ᠠᠵᠤ ᠠᠬᠤᠢ ᠶᠢᠨ ᠦᠷ᠎ᠡ ᠠᠰᠢᠭ ᠲᠠᠢ ᠮᠣᠳᠣᠨ ᠤ ᠲᠥᠷᠥᠯ ᠪᠣᠯᠤᠨ᠎ᠠ᠃ ᠡᠶᠢᠮᠦ ᠠᠴᠠ ᠮᠠᠯᠴᠢᠨ ᠲᠠᠷᠢᠶᠠᠴᠢᠳ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃ ᠣᠬᠤᠷᠬᠠᠨ ᠬᠡᠳᠦᠨ ᠵᠢᠯ ᠤᠨ ᠬᠤᠭᠤᠴᠠᠭᠠᠨ ᠳᠤ ᠦᠦᠰᠢᠨ ᠬᠤᠰᠢᠭᠤᠨ ᠳᠠᠬᠢ ᠴᠢᠪᠠᠭ᠎ᠠ ᠶᠢᠨ ᠮᠤᠳᠤ ᠲᠠᠷᠢᠬᠤ ᠲᠠᠯᠠᠪᠠᠢ ᠨᠢ ᠪᠠᠷᠤᠭ ᠲᠦᠮᠡᠨ ᠮᠦ ᠳᠤ ᠬᠦᠷᠴᠡᠢ᠃ ᠣᠳᠣᠬᠠᠨ ᠳᠤ ᠮᠤᠤᠠᠤᠰᠤ ᠶᠢᠨ ᠴᠢᠪᠠᠭ᠎ᠠ ᠶᠢᠨ ᠦᠢᠯᠡᠰ ᠤᠨ ᠰᠤᠳᠤᠯᠭᠠᠨ ᠤ ᠭᠠᠵᠠᠷ ᠨᠢ ᠴᠢᠪᠠᠭ᠎ᠠ ᠶᠢᠨ ᠮᠣᠳᠣ ᠲᠠᠷᠢᠬᠤ᠂ ᠴᠢᠬᠢ ᠪᠤᠶᠢᠵᠢᠭᠤᠯᠬᠤ᠂ ᠴᠢᠪᠠᠭ᠎ᠠ ᠶᠢᠨ ᠦᠢᠯᠡᠰ ᠤᠨ ᠮᠡᠷᠭᠡᠵᠢᠯ ᠤᠨ ᠰᠤᠳᠤᠯᠤᠯ ᠬᠢᠬᠦ᠂ ᠲᠦᠭᠡᠮᠡᠯᠵᠢᠬᠦᠯᠦᠨ ᠲᠡᠯᠭᠡᠷᠡᠬᠦᠯᠬᠦ᠂ ᠴᠢᠪᠠᠭ᠎ᠠ ᠶᠢᠨ ᠪᠦᠲᠦᠭᠡᠭᠳᠡᠬᠦᠨ ᠢ ᠡᠳ᠋ᠰᠢᠭᠦᠯᠬᠦ ᠪᠠ ᠪᠣᠷᠣᠯᠠᠭᠤᠯᠬᠤ ᠶᠢ ᠴᠤᠭᠴᠠᠵᠢᠭᠤᠯᠵᠤ ᠪᠠᠶᠢᠨ᠎ᠠ᠃ ᠡᠭᠦᠨ ᠳᠤ ᠴᠢᠪᠠᠭ᠎ᠠ ᠶᠢᠨ ᠠᠷᠢᠬᠢ᠂ ᠴᠢᠪᠠᠭ᠎ᠠ ᠶᠢᠨ ᠤᠮᠳᠠᠭᠠᠨ᠂ ᠴᠢᠪᠠᠭ᠎ᠠ ᠶᠢᠨ ᠬᠡᠷᠴᠢᠮᠡᠯ᠂ ᠴᠢᠪᠠᠭ᠎ᠠ ᠶᠢᠨ ᠨᠤᠨᠲᠠᠭ ᠵᠡᠷᠭᠡ ᠪᠦᠲᠦᠭᠡᠭᠳᠡᠬᠦᠨ ᠨᠢ ᠠᠭᠠᠵᠢᠮ ᠢᠶᠠᠷ ᠵᠠᠬ᠎ᠠ ᠳᠡᠯᠭᠡᠭᠦᠷ ᠲᠠᠢ ᠵᠠᠯᠭᠠᠯᠳᠠ ᠬᠢᠵᠤ ᠴᠢᠳᠠᠭᠰᠠᠨ ᠪᠠᠶᠢᠨ᠎ᠠ᠃    ᠲᠤᠰ ᠴᠢᠪᠠᠭ᠎ᠠ ᠶᠢᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠯᠢ ᠺᠦᠩ᠄ ︽ᠪᠢᠳᠡ 7 ᠵᠢᠯ ᠤᠨ ᠬᠤᠭᠤᠴᠠᠭ᠎ᠠ ᠶᠢ ᠬᠡᠷᠡᠭᠰᠡᠵᠤ ᠪᠥᠬᠦ ᠬᠤᠲᠠ ᠶᠢᠨ 7 ᠬᠤᠰᠢᠭᠤ ᠲᠣᠭᠤᠷᠢᠭ ᠲᠤ ᠴᠢᠪᠠᠭ᠎ᠠ ᠲᠠᠷᠢᠭᠰᠠᠨ ᠶᠤᠮ᠃ ᠪᠦᠬᠦ ᠬᠤᠲᠠ ᠶᠢᠨ ᠬᠡᠪᠴᠢᠶᠡᠨ ᠳᠤ 4 ᠲᠦᠮᠡᠨ ᠮᠦ ᠴᠢᠪᠠᠭ᠎ᠠ ᠲᠠᠷᠢᠵᠤ᠂ ᠵᠠᠷᠢᠮ ᠭᠠᠵᠠᠷ ᠤᠨ ᠬᠢᠨᠢ ᠨᠢᠭᠡᠨᠲᠡ ᠵᠢᠮᠢᠰ ᠰᠠᠭᠤᠵᠤ᠂ ᠮᠠᠯᠴᠢᠨ ᠲᠠᠷᠢᠶᠠᠴᠢᠳ ᠴᠢᠪᠠᠭ᠎ᠠ ᠲᠠᠷᠢᠬᠤ ᠪᠠᠷ ᠳᠠᠮᠵᠢᠨ ᠠᠰᠢᠭ ᠣᠯᠵᠤ ᠪᠠᠶᠢᠨ᠎ᠠ᠃ ᠵᠠᠷᠢᠮ ᠭᠠᠵᠠᠷ ᠤᠨ ᠴᠢᠪᠠᠭ᠎ᠠ ᠶᠢᠨ ᠮᠤᠳᠤ ᠨᠢᠭᠡᠨᠲᠡ ᠡᠯᠪᠡᠭ ᠵᠢᠮᠢᠰᠯᠡᠬᠦ ᠬᠤᠭᠤᠴᠠᠭᠠᠨ ᠳᠠᠭᠠᠨ ᠤᠷᠤᠵᠠᠢ᠃ ᠪᠢᠳᠡ ᠪᠠᠰᠠ ᠴᠢᠪᠠᠭ᠎ᠠ ᠶᠢᠨ ᠮᠣᠳᠣ ᠲᠠᠷᠢᠬᠤ ᠪᠠᠷ ᠳᠠᠮᠵᠢᠨ ᠣᠷᠴᠢᠨ ᠲᠣᠭᠤᠷᠢᠨ ᠢ ᠨᠣᠭᠤᠭᠠᠷᠠᠭᠤᠯᠤᠭᠰᠠᠨ ᠶᠤᠮ︾ ᠬᠡᠯ᠎ᠡ᠃     ᠦᠢᠷ᠎ᠡ ᠶᠢᠨ ᠵᠢᠯ ᠠᠴᠠ ᠨᠠᠭᠠᠰᠢ ᠦᠤᠰᠢᠨ ᠬᠤᠰᠢᠭᠤ ᠬᠥᠳᠡᠭᠡ ᠲᠣᠰᠬᠤᠨ ᠤ ᠵᠤᠭᠠᠴᠠᠯ ᠢᠶᠠᠷ ᠲᠣᠬᠢᠶᠠᠯ ᠪᠣᠯᠭᠠᠵᠤ᠂ ᠵᠤᠭᠠᠴᠠᠯ ᠪᠣᠯᠤᠨ ᠤᠳᠤ ᠦᠶ᠎ᠡ ᠶᠢᠨ ᠲᠠᠷᠢᠶᠠᠯᠠᠩ ᠤᠨ ᠭᠦᠨᠵᠡᠭᠡᠢ ᠠᠭᠤᠰᠤᠯᠴᠠᠯ ᠢ ᠶᠡᠭᠡ ᠪᠠᠷ ᠠᠬᠢᠭᠤᠯᠵᠤ ᠬᠥᠳᠡᠭᠡ ᠲᠣᠰᠬᠤᠨ ᠢ ᠬᠦᠭᠵᠢᠬᠦᠯᠦᠭᠰᠡᠨ ᠪᠠᠶᠢᠨ᠎ᠠ᠃ ︽ᠰᠠᠭᠤᠷᠢᠨ ᠭᠠᠵᠠᠷ + ᠲᠠᠷᠢᠶᠠᠴᠢᠨ ᠡᠷᠦᠬᠡ︾᠎ ᠶᠢᠨ ᠵᠠᠭᠪᠤᠷ ᠢ ᠬᠡᠷᠡᠭᠵᠢᠬᠦᠯᠵᠤ᠂ ᠥᠨᠳᠥᠷ ᠡᠬᠢᠯᠡᠯᠲᠡ ᠶᠢᠨ ᠴᠡᠭ᠂ ᠥᠨᠳᠥᠷ ᠪᠠᠷᠢᠮᠵᠢᠶ᠎ᠠ ᠪᠠᠷ ᠬᠥᠳᠡᠭᠡ ᠲᠣᠰᠬᠤᠨ ᠤ ᠵᠤᠭᠠᠴᠠᠯ ᠢ ᠲᠦᠯᠦᠪᠵᠢᠬᠦᠯᠦᠨ ᠪᠦᠳᠦᠭᠡᠨ ᠪᠠᠶᠢᠭᠤᠯᠤᠯᠳᠠ ᠬᠢᠵᠤ᠂ ᠵᠤᠭᠠᠴᠠᠯ ᠤᠨ ᠠᠵᠤ ᠦᠶ᠋ᠯᠡᠰ ᠤᠨ ᠶᠠᠳᠠᠭᠤ ᠶᠢ ᠲᠡᠳᠬᠦᠬᠦ ᠦᠢᠯᠡᠳᠦᠯ ᠢ ᠲᠠᠰᠤᠷᠠᠯᠲᠠ ᠤᠢᠭᠡᠢ ᠴᠢᠩᠭᠠᠳᠬᠠᠵᠠᠶ᠃ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ ᠴᠢᠪᠠᠭ᠎ᠠ ᠶᠢᠨ ᠠᠵᠤ ᠦᠢᠯᠡᠰ ᠢᠶᠠᠷ ᠭᠤᠤᠯ ᠪᠤᠯᠭᠠᠭᠰᠠᠨ ᠵᠤᠭᠠᠴᠠᠯ ᠤᠨ ᠦᠢᠯᠡᠰ ᠲᠤ ᠣᠷᠣᠯᠴᠠᠭᠤᠯᠵᠤ᠂ ᠬᠥᠳᠡᠭᠡ ᠲᠣᠰᠬᠤᠨ ᠤ ᠵᠤᠭᠠᠴᠠᠯ ᠢ ᠮᠠᠯᠴᠢᠨ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠰᠢᠨ᠎ᠡ ᠠᠷᠭ᠎ᠠ ᠵᠠᠮ ᠪᠣᠯᠭᠠᠭᠰᠠᠨ ᠪᠠᠶᠢᠨ᠎ᠠ᠃              ︵ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠵᠢᠷᠬᠢᠶ᠎ᠡ ᠲᠠᠪᠴᠠᠩ ᠠᠴᠠ︶
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号