ᠡᠨᠡ ᠵᠢᠯ ᠦᠤᠰᠢᠨ ᠬᠤᠰᠢᠭᠤ ᠠᠮᠤ ᠪᠤᠳᠠᠭ᠎ᠠ᠂ ᠠᠵᠤ ᠠᠬᠤᠶ᠂ ᠡᠪᠡᠰᠦ ᠲᠠᠷᠢᠬᠤ ᠪᠦᠲᠦᠴᠡ ᠳᠤ | ᠲᠤᠬᠢᠷᠠᠭᠤᠯᠤᠯᠲᠠ ᠬᠢᠵᠦ᠂ ᠲᠠᠷᠢᠶᠠᠯᠠᠩ ᠢᠶᠠᠷ ᠮᠠᠯ ᠠᠵᠤ ᠠᠬᠤᠶ ᠶᠢ ᠠᠬᠢᠭᠤᠯᠤᠨ᠂ ᠲᠠᠷᠢᠶᠠᠯᠠᠩ ᠮᠠᠯ ᠠᠵᠤ | ᠠᠬᠤᠶ ᠶᠢ ᠤᠶᠠᠯᠳᠤᠭᠤᠯᠤᠭᠰᠠᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠭᠡᠷᠡᠭᠵᠢᠭᠦᠯᠵᠥ᠂ ᠳᠠᠷᠤᠰᠢᠭᠤᠯᠤᠭᠰᠠᠨ | ᠨᠣᠭᠤᠭᠠᠨ ᠪᠣᠷᠳᠣᠭᠠᠨ ᠤ ᠡᠷᠳᠡᠨᠢ ᠰᠢᠰᠢ ᠶᠢ ᠠᠷᠪᠠ ᠭᠠᠷᠤᠶ ᠲᠦᠮᠡᠨ ᠮᠥ ᠲᠠᠷᠢᠵᠥ᠂ ᠤᠳᠣ ᠶᠠᠭ ᠪᠥᠬᠦ ᠲᠠᠯ᠎ᠠ ᠪᠠᠷ | ᠬᠠᠳᠣᠨ ᠲᠠᠷᠣᠰᠢᠭᠤᠯᠵᠣ ᠪᠠᠶᠢᠨ᠎ᠠ᠃ | | | | | | | ᠡᠨᠡ ᠬᠡᠳᠦᠨ ᠡᠳᠦᠷ᠂ ᠣᠷᠳᠣᠰ ᠬᠤᠲᠠ ᠶᠢᠨ ᠲᠠᠯ᠎ᠠ ᠨᠤᠲᠤᠭ ᠤᠨ ᠡᠾᠧ ᠨᠢᠤ ᠮᠠᠯ ᠠᠵᠤ ᠠᠬᠤᠢ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠥᠰᠢᠨ ᠬᠤᠰᠢᠭᠤᠨ ᠤ ᠰᠦᠯᠳᠡ ᠰᠤᠮᠤᠨ ᠤ ᠲᠥᠩᠽᠢ | ᠭᠠᠴᠠᠭᠠᠨ ᠳᠠᠬᠢ ᠡᠷᠳᠡᠨᠢ ᠰᠢᠰᠢ ᠶᠢᠨ ᠨᠤᠭᠤᠭᠠᠨ ᠪᠤᠷᠳᠤᠭ᠎ᠠ ᠶᠢᠨ ᠰᠠᠭᠤᠷᠢᠨ ᠭᠠᠵᠠᠷ ᠲᠤ ᠡᠯ᠎ᠡ ᠵᠦᠢᠯ ᠤᠨ ᠮᠠᠰᠢᠨ | ᠮᠧᠬᠠᠨᠢᠭ ᠨᠤᠭᠤᠭᠠᠨ ᠪᠤᠷᠳᠤᠭ᠎ᠠ ᠶᠢ ᠬᠠᠳᠤᠵᠤ ᠬᠤᠷᠢᠶᠠᠨ᠂ ᠬᠠᠳᠤᠵᠤ ᠬᠤᠷᠢᠶᠠᠭᠰᠠᠨ ᠨᠤᠭᠤᠭᠠᠨ ᠪᠤᠷᠳᠤᠭ᠎ᠠ ᠪᠠᠨ | ᠳᠠᠷᠤᠰᠢᠭᠤᠯᠤᠨ ᠬᠠᠳᠠᠭᠠᠯᠠᠬᠤ ᠵᠣᠭᠤᠷᠢ ᠳᠤ ᠬᠦᠷᠭᠡᠨ ᠬᠠᠳᠠᠭᠠᠯᠠᠵᠤ ᠪᠠᠶᠢᠯ᠎ᠠ᠃ ᠡᠳᠡᠭᠡᠷ ᠳᠠᠷᠤᠰᠢᠭᠤᠯᠤᠭᠰᠠᠨ ᠡᠷᠳᠡᠨᠢ | ᠰᠢᠰᠢ ᠪᠣᠯ ᠲᠠᠷᠤᠢ ᠮᠠᠯ ᠢᠶᠠᠨ ᠡᠪᠦᠯᠵᠢᠬᠦᠯᠭᠦ ᠴᠢᠬᠤᠯᠠ ᠬᠦᠨᠡᠰᠦ ᠪᠤᠯᠤᠨ᠎ᠠ᠃ | | | | | | | ᠤᠶᠢᠯᠠᠭᠠᠭᠰᠠᠨ ᠢᠶᠠᠷ᠂ ᠣᠷᠳᠣᠰ ᠬᠤᠲᠠ ᠶᠢᠨ ᠲᠠᠯ᠎ᠠ ᠨᠤᠲᠤᠭ ᠤᠨ ᠡᠾᠧ ᠨᠢᠤ ᠮᠠᠯ ᠠᠵᠤ ᠠᠬᠤᠶ ᠶᠢᠨ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢ 2011 ᠣᠨ ᠳᠤ ᠪᠠᠶᠢᠭᠤᠯᠤᠭᠳᠠᠵᠤ ᠮᠢᠬᠠᠨ ᠦᠬᠡᠷ ᠤᠨ ᠡᠭᠦᠯᠳᠡᠷ | ᠪᠤᠶᠢᠵᠢᠭᠤᠯᠬᠤ ᠵᠡᠷᠭᠡ ᠲᠦᠷᠦᠯ ᠵᠦᠢᠯ ᠢ ᠡᠵᠡᠩᠨᠡᠳᠡᠭ ᠠᠴᠠ ᠲᠤᠰ ᠺᠤᠮᠫᠠᠨᠢ ᠲᠤᠬᠠᠶ ᠶᠢᠨ ᠭᠠᠵᠠᠷ ᠤᠨ ᠮᠠᠯᠴᠢᠨ | ᠲᠠᠷᠢᠶᠠᠴᠢᠨ ᠡᠷᠦᠬᠡ ᠲᠠᠢ ᠠᠰᠢᠭ ᠲᠤᠰᠠ ᠶᠢᠨ ᠲᠣᠭᠲᠠᠴᠠ ᠶᠢ ᠪᠠᠶᠢᠭᠤᠯᠵᠤ᠂ ᠵᠢᠯ ᠪᠦᠷᠢ ᠣᠶᠢᠷ᠎ᠠ ᠬᠠᠪᠢ ᠶᠢᠨ | ᠮᠠᠯᠴᠢᠨ ᠲᠠᠷᠢᠶᠠᠴᠢᠨ ᠡᠷᠦᠬᠡ ᠶᠢᠨ ᠲᠠᠷᠤᠰᠢᠭᠤᠯᠤᠭᠰᠠᠨ ᠡᠷᠳᠡᠨᠢ ᠰᠢᠰᠢ ᠶᠢ ᠬᠤᠳᠠᠯᠳᠤᠨ ᠠᠪᠴᠤ᠂ ᠮᠠᠯᠴᠢᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠥᠭᠰᠡᠡ ᠪᠠᠶᠢᠨ᠎ᠠ᠃ | | ︵ᠬᠠᠰᠪᠣᠶᠠᠠᠳᠣ ᠰᠡᠭᠦᠳᠡᠷᠯᠡᠡ ᠮᠡᠳᠡᠭᠡᠯᠡᠪᠡ ︶ | |