ᠰᠢᠷᠬᠤᠰᠣᠨ ᠪᠠᠯᠭᠠᠰᠣᠨ ᠤ ᠲᠣᠭᠠᠷ ᠤᠨ ᠲᠣᠬᠤᠢ ᠲᠣᠰᠬᠤᠨ ᠤ 1000 ᠮᠦ ᠵᠠᠬᠢᠶᠠᠯᠠᠭ᠎ᠠ ᠶᠢᠨ ᠯᠠᠵᠤᠤ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2020/10/19
     ᠰᠢᠷᠬᠤᠰᠣᠨ ᠪᠠᠯᠭᠠᠰᠣᠨ ᠤ ᠳᠣᠭᠠᠷ ᠤᠨ ᠲᠣᠬᠤᠢ ᠲᠣᠰᠬᠤᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠎ ᠳᠤ ᠢᠳᠡᠪᠬᠢᠲᠡᠢ ᠲᠣᠬᠢᠷᠠᠭᠤᠯᠣᠯᠲᠠ ᠬᠢᠵᠦ ᠲᠣᠰᠬᠤᠨ ᠤ ᠠᠷᠠᠳ ᠢ ᠵᠣᠷᠢᠭᠵᠢᠭᠤᠯᠣᠨ ᠣᠨᠴᠠᠯᠢᠭᠲᠤ ᠯᠠᠵᠤᠤ ᠶᠢᠨ ᠲᠠᠷᠢᠮᠡᠯ ᠢ ᠬᠦᠭᠵᠢᠬᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠣᠶᠠᠯᠳᠣᠭᠤᠯᠣᠨ ︽ᠵᠠᠬᠢᠶᠠᠯᠠᠭ᠎ᠠ ᠶᠢᠨ ᠲᠠᠷᠢᠮᠠᠯ︾᠎ ᠤᠨ ᠬᠡᠪ ᠵᠠᠭᠪᠤᠷ ᠢ ᠬᠡᠷᠡᠭᠯᠡᠵᠦ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠎ ᠳᠤ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃
     ᠲᠣᠰᠬᠤᠨ ᠤ ᠠᠷᠠᠳ ᠰᠾᠢ ᠱᠢ ᠭᠥᠸᠧ ᠶᠢᠨ ᠬᠢᠨ ᠪᠤᠯ ᠶᠠᠳᠠᠭᠤ ᠠᠴᠠ ᠠᠩᠭᠢᠵᠢᠷᠠᠭᠰᠠᠨ ᠡᠷᠦᠬᠡ ᠪᠤᠯᠤᠨ᠎ᠠ᠃ ᠲᠡᠷᠡ ᠬᠤᠷᠰᠢᠶᠠᠵᠢᠯ ᠤᠨ ᠲᠡᠮᠵᠢᠯᠭᠡ ᠳᠣᠣᠷ᠎ᠠ ᠡᠨᠡ ᠬᠠᠪᠤᠷ 20 ᠮᠤ᠋ ᠯᠠᠵᠤᠤ ᠲᠠᠷᠢᠵᠤ ᠬᠠᠪᠤᠷ ᠡᠷᠳᠡ ᠲᠠᠷᠢᠭᠰᠠᠨ ᠠᠴᠠ ᠡᠷᠳᠡ ᠬᠤᠷᠢᠶᠠᠵᠤ ᠡᠨᠡ ᠬᠡᠳᠦᠨ ᠡᠳᠦᠷ ᠯᠠᠵᠤᠤ ᠪᠠᠨ ᠬᠠᠳᠠᠭᠠᠭᠠᠳ ᠶᠠᠭᠠᠷᠠᠵᠤ ᠪᠠᠶᠢᠯ᠎ᠠ᠃ ᠲᠡᠷᠡ᠄ ︽ᠮᠤ᠋ ᠪᠦᠷᠢ ᠠᠴᠠ ᠨᠢᠭᠡ ᠮᠢᠩᠭ᠎ᠠ ᠭᠠᠷᠤᠢ ᠵᠢᠩ ᠯᠠᠵᠤᠤ ᠬᠤᠷᠢᠶᠠᠵᠤ᠂ ᠵᠢᠩ ᠪᠦᠷᠢ ᠳᠤ 4.5 ᠲᠦᠭᠦᠷᠢᠭ ᠢᠶᠠᠷ ᠪᠤᠷᠤᠯᠠᠭᠤᠯᠤᠨ᠎ᠠ᠃ ᠢᠩᠬᠢᠬᠡᠳ ᠪᠣᠳᠣᠪᠠᠯ 20 ᠮᠤ᠋ ᠯᠠᠵᠤᠤ ᠶᠢᠰᠦᠨ ᠲᠦᠮᠡ ᠭᠠᠷᠦᠢ ᠲᠦᠭᠦᠷᠢᠭ ᠤᠯᠤᠨ᠎ᠠ ᠭᠡᠵᠦ ᠪᠠᠶᠠᠷᠲᠠᠶᠢᠬᠠᠨ ᠶᠠᠷᠢᠵᠦ ᠪᠠᠶᠢᠯ᠎ᠠ︾᠃
     ᠡᠨᠡ ᠵᠢᠯ ᠠᠴᠠ ᠨᠠᠰᠢ᠂ ᠲᠣᠰᠬᠤᠨ ᠤ ᠠᠷᠠᠳ ᠤᠨ ᠣᠷᠣᠯᠭ᠎ᠠ ᠶᠢ ᠦᠷᠬᠦᠯᠵᠢᠯᠡᠨ ᠳᠣᠭᠳᠠᠭᠤᠨ ᠢᠶᠠᠷ ᠨᠡᠮᠡᠭᠳᠡᠬᠦᠯᠵᠦ ᠬᠢᠵᠢᠭ ᠤᠨ ᠪᠠᠶᠢᠳᠠᠯ ᠠᠴᠠ ᠪᠤᠯᠵᠤ ᠠᠷᠠᠳ ᠲᠤ ᠦᠵᠡᠬᠦᠯᠬᠦ ᠨᠦᠯᠦᠬᠡ ᠶᠢ ᠪᠠᠭᠠᠰᠬᠠᠬᠤ ᠶᠢᠨ ᠲᠦᠯᠥᠬᠡ ᠲᠣᠭᠠᠷ ᠤᠨ ᠲᠣᠬᠤᠢ ᠲᠣᠰᠬᠤᠨ ᠪᠣᠳᠠᠳᠣ ᠪᠠᠶᠢᠳᠠᠯ ᠲᠠᠢ ᠣᠶᠠᠯᠳᠣᠭᠤᠯᠣᠨ 1000 ᠮᠤ᠋ ᠵᠠᠬᠢᠶᠠᠯᠠᠭ᠎ᠠ ᠶᠢᠨ ᠯᠠᠵᠤᠤ ᠶᠢᠨ ᠰᠢᠨ᠎ᠡ ᠲᠦᠷᠦᠯ ᠵᠦᠢᠯ ᠢ ᠣᠷᠣᠭᠤᠯᠵᠣ ᠣᠰᠣ ᠪᠤᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠰᠢᠨ᠎ᠡ ᠮᠡᠷᠭᠡᠵᠢᠯ ᠢ ᠲᠥᠭᠡᠮᠡᠯᠵᠢᠭᠦᠯᠤᠨ ᠲᠣᠰᠬᠤᠨ ᠤ ᠠᠷᠠᠳ ᠬᠤᠷᠢᠶᠠᠵᠤ ᠬᠠᠳᠠᠭᠠᠭᠰᠠᠨ ᠤ ᠳᠠᠷᠠᠭ᠎ᠠ ᠠᠵᠤ ᠠᠬᠤᠶᠢᠯᠠᠯ ᠦᠨᠳᠦᠷ ᠦᠨ᠎ᠡ ᠪᠠᠷ ᠬᠤᠳᠠᠯᠳᠣᠨ ᠠᠪᠬᠤ ᠵᠠᠭᠪᠣᠷ ᠢ ᠬᠡᠷᠡᠭᠵᠢᠬᠦᠯᠵᠤ ᠪᠠᠶᠢᠨ᠎ᠠ᠃
     ᠣᠳᠣᠬᠠᠨ ᠳᠤ ᠲᠣᠰᠬᠤᠨ ᠤ 43 ᠡᠷᠦᠭᠡ ᠲᠣᠰ ᠬᠤᠷᠰᠢᠶᠠᠵᠢᠯ ᠳᠤ ᠣᠷᠣᠵᠣ 1000 ᠮᠤ᠋ ᠯᠠᠵᠤᠤ ᠲᠠᠷᠢᠨ ᠵᠢᠱᠢᠯᠲᠠ ᠪᠠᠷ ᠶᠡᠷᠦᠩᠬᠡᠢ ᠣᠨᠠᠯᠲᠠ ᠨᠢ 80 ᠲᠦᠮᠡᠨ ᠵᠢᠩ ᠳᠤ ᠬᠦᠷᠴᠦ 350 ᠲᠦᠮᠡᠨ ᠲᠦᠭᠦᠷᠢᠭ ᠤᠨ ᠣᠷᠣᠯᠭ᠎ᠠ ᠶᠢ ᠡᠬᠦᠳᠬᠦ ᠪᠠᠷ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号