10 ᠰᠠᠷ᠎ᠠ ᠶᠢᠨ 13 ᠤ ᠡᠳᠦᠷ᠂ ᠪᠦᠬᠦ ᠬᠤᠰᠢᠭᠤᠨ ᠤ ᠰᠠᠯᠠᠭᠠᠨ ᠳᠡᠰ ᠤᠨ ᠺᠠᠳ᠋ᠷᠴᠣᠳ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ | ᠶᠢ ᠰᠣᠷᠣᠯᠴᠠᠨ ᠲᠤᠭᠤᠰᠢᠯᠠᠭᠤᠯᠬᠤ ᠪᠣᠯᠪᠠᠰᠣᠷᠠᠯ ᠤᠨ ᠠᠩᠬᠢ ᠬᠢᠴᠢᠶᠡᠯ ᠡᠬᠢᠯᠡᠯ᠎ᠡ᠃ ᠪᠣᠯᠪᠠᠰᠣᠷᠠᠯ ᠢ ᠬᠤᠰᠢᠭᠤ | ᠵᠣᠬᠢᠶᠠᠨ ᠪᠠᠶᠢᠭᠤᠯᠬᠤ ᠬᠡᠯᠳᠡᠰ ᠪᠠ ᠨᠠᠮ ᠤᠨ ᠰᠣᠷᠭᠠᠭᠤᠯᠢ ᠠᠴᠠ ᠡᠷᠬᠢᠯᠡᠨ ᠶᠠᠪᠣᠭᠳᠠᠭᠤᠯᠵᠦ ᠪᠦᠬᠦ ᠬᠤᠰᠢᠭᠤᠨ ᠤ | ᠰᠠᠯᠠᠭᠠᠨ ᠳᠡᠰ ᠤᠨ ᠺᠠᠳ᠋ᠷ ᠪᠣᠯᠪᠠᠰᠣᠷᠠᠯ ᠳᠤ ᠣᠷᠣᠯᠴᠠᠪᠠ᠃ | | | | | | | ᠪᠤᠯᠪᠠᠰᠤᠷᠠᠯ ᠨᠢ ᠥᠪᠥᠷ ᠮᠣᠩᠭᠤᠯ ᠤᠨ ᠨᠠᠮ ᠤᠨ ᠰᠤᠷᠭᠠᠭᠤᠯᠢ᠂ ᠣᠷᠳᠣᠰ ᠬᠤᠲᠠ ᠶᠢᠨ ᠨᠠᠮ ᠤᠨ ᠬᠤᠷᠢᠶᠠᠨ | ᠤ ᠨᠠᠮ ᠤᠨ ᠰᠤᠷᠭᠠᠭᠤᠯᠢ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠵᠢᠴᠢ | ᠬᠤᠰᠢᠭᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ | ᠣᠷᠳᠣᠰ ᠤᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠦᠬᠦᠢ ᠬᠥᠮᠦᠰ ᠢ ᠤᠨᠴᠠᠭᠠᠶᠢᠯᠠᠨ ᠤᠷᠢᠵᠤ | ᠲᠣᠰ ᠲᠣᠰ ︽ᠣᠭ ᠰᠠᠨᠠᠭ᠎ᠠ ᠪᠠᠨ ᠰᠠᠬᠢᠵᠤ ᠵᠢᠭᠰᠠᠭᠠᠯ ᠤᠨ ᠭᠠᠵᠠᠷ ᠢᠶᠠᠨ ᠬᠦᠴᠦᠷᠬᠡᠭᠵᠢᠭᠦᠯᠬᠦ — ᠰᠢᠨ᠎ᠡ ᠴᠠᠭ | ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠬᠡᠷᠡᠭᠲᠡᠶ︾᠂ ︽ᠮᠣᠩᠭᠤᠯ ᠮᠣᠷᠢᠨ ᠤ | ᠵᠤᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ — ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠬᠡᠷᠡᠭᠲᠡᠶ︾᠂ ︽ᠰᠢᠶᠢᠨ ᠫᠢᠩ ᠲᠥᠷᠥ ᠶᠢ ᠵᠠᠰᠠᠵᠤ ᠵᠠᠰᠠᠭ ᠢ ᠡᠷᠬᠢᠯᠡᠬᠦ | ᠲᠤᠬᠠᠶ ᠶᠠᠷᠢᠭᠰᠠᠨ ᠨᠢ︾ ᠭᠡᠬᠦ ᠨᠣᠮ ᠤᠨ ᠭᠤᠷᠪᠠᠳᠤᠭᠠᠷ ᠪᠣᠲᠢ ᠶᠢ ᠳᠠᠭᠠᠭᠤᠯᠤᠨ ᠰᠤᠷᠤᠯᠴᠠᠬᠤ᠂ ︽︿ᠰᠢᠨ᠎ᠡ ᠴᠠᠭ | ᠦᠶ᠎ᠡ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠲᠥᠪ ᠤᠨ ᠴᠡᠷᠢᠭᠤᠨ ᠶᠠᠪᠤᠳᠠᠯ ᠤᠨ ᠬᠤᠷᠢᠶᠠᠨ ᠤ | ᠰᠠᠨᠠᠯ ᠤᠨ ᠲᠤᠬᠠᠶ ᠲᠠᠶᠢᠯᠤᠮᠵᠢ︾᠂ ︽ᠢᠷᠭᠡᠨ ᠤ ᠬᠠᠤᠯᠢ ᠶᠢᠨ ᠪᠢᠴᠢᠭ ᠢᠷᠡᠯ᠎ᠡ︾ ᠵᠡᠷᠭᠡ ᠠᠭᠤᠯᠭ᠎ᠠ ᠶᠢᠨ | ᠲᠣᠭᠤᠷᠢᠨ ᠳᠤ ᠲᠠᠶᠢᠯᠤᠮᠵᠢ ᠬᠢᠯᠭᠡᠪᠡ᠃ | ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ ᠪᠦᠬᠦ ᠬᠤᠰᠢᠭᠤᠨ ᠤ ᠰᠠᠯᠠᠭᠠᠨ ᠲᠡᠰ ᠤᠨ ᠺᠠᠳ᠋ᠷ ᠲᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠨᠣᠪᠴᠢᠲᠠᠶ | ᠡᠵᠡᠮᠰᠢᠭᠦᠯᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠬᠠᠷᠠᠯᠲᠠ ᠪᠠᠨ ᠪᠡᠶᠡᠯᠡᠭᠦᠯᠬᠦ ᠶᠢᠨ ᠬᠠᠷᠢᠭᠤᠴᠠᠯᠭ᠎ᠠ ᠵᠢᠳᠬᠦᠯ ᠴᠢᠷᠮᠠᠶᠢᠯᠭ᠎ᠠ ᠪᠤᠯᠭᠠᠨ ᠬᠤᠪᠢᠷᠠᠭᠤᠯᠵᠤ᠂ ᠨᠠᠮ ᠢ ᠨᠠᠮ | ᠬᠠᠮᠢᠶᠠᠷᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠣᠯᠭᠠᠨ | ᠬᠤᠪᠢᠷᠠᠭᠤᠯᠵᠤ᠂ ᠲᠥᠪ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠡᠷᠡᠰ ᠣᠪᠣᠷ ᠪᠠ ᠬᠦᠴᠦᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃ | | |