ᠤᠯᠤᠰ ᠤᠨ ᠲᠡᠷᠢᠬᠦᠯᠡᠭᠴᠢ ᠰᠢ ᠶᠢᠨ ᠫᠢᠩ 10 ᠰᠠᠷ᠎ᠠ ᠶᠢᠨ 15 ᠤ ᠡᠳᠤᠷ ᠲᠡᠯᠡᠬᠡᠢ ᠶᠢᠨ ᠪᠦᠰᠡᠯᠡᠬᠦᠷ ᠤᠨ | ᠬᠢᠨᠧᠶᠠ ᠶᠢᠨ ᠶᠠᠷᠤᠩᠬᠡᠶᠢᠯᠡᠭᠴᠢ ᠠᠤᠪᠢ᠊ ᠊ ᠠᠩ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ | ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ 50 ᠵᠢᠯ ᠤᠨ ᠤᠢ ᠶᠢ ᠪᠡᠯᠬᠡᠯᠡᠪᠡ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠲᠡᠯᠡᠬᠡᠢ ᠶᠢᠨ ᠪᠦᠰᠡᠯᠡᠬᠦᠷ ᠤᠨ ᠬᠢᠨᠧᠶᠠ ᠶᠢᠨ | ᠤᠯᠠᠮᠵᠢᠯᠠᠯᠳᠤ ᠨᠦᠬᠦᠷᠯᠠᠯ ᠬᠦᠨ ᠵᠤᠵᠠᠭᠠᠨ᠂ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ 50 ᠵᠢᠯ ᠤᠨ ᠲᠤᠷᠰᠢ᠂ | ᠲᠡᠯᠡᠬᠡᠢ ᠶᠢᠨ ᠪᠠᠶᠢᠳᠠᠯ ᠬᠡᠳᠤᠢ ᠤᠷᠪᠠᠭᠠᠨ ᠬᠦᠷᠪᠡᠬᠡᠨ ᠲᠠᠢ ᠪᠠᠶᠢᠬᠰᠠᠨ ᠴᠤ ᠬᠤᠶᠠᠷ ᠲᠠᠯ᠎ᠠ ᠪᠠᠷ ᠢᠶᠠᠨ ᠢᠮᠠᠬᠳᠠ ᠴᠢᠩ | ᠦᠨᠡᠨᠴᠢ ᠨᠦᠬᠦᠷᠰᠡᠭ ᠢᠶᠠᠷ ᠶᠡᠪᠤᠯᠴᠠᠵᠦ᠂ ᠨᠦᠬᠦᠬᠡ ᠡᠳᠡᠬᠡᠳ ᠤᠨ ᠢᠶᠠᠨ ᠭᠤᠤᠯ ᠪᠤᠯᠬᠤ ᠠᠰᠢᠬ ᠲᠤᠰᠠ ᠪᠤᠯᠤᠨ | ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠡᠷᠡᠰ ᠪᠠᠳᠤ ᠲᠡᠮᠵᠢᠵᠤ᠂ ᠪᠤᠳᠠᠳᠠᠢ ᠶᠢ ᠡᠷᠬᠢᠮᠯᠡᠬᠦ | ᠬᠠᠮᠳᠤᠷᠠᠯᠴᠠᠭ᠎ᠠ ᠡᠯᠪᠡᠭ ᠪᠠᠶᠠᠯᠢᠬ ᠠᠮᠵᠢᠯᠳᠠ ᠪᠦᠳᠤᠮᠵᠢ ᠤᠯᠵᠤ᠂ ᠬᠤᠶᠠᠷ ᠤᠯᠤᠰ ᠤᠨ ᠠᠷᠠᠳ ᠲᠦᠮᠡᠨ ᠳᠤ | ᠦᠨᠡᠨ ᠪᠤᠳᠠᠳᠠᠢ ᠠᠵᠠ ᠵᠢᠷᠭᠠᠯ ᠤᠯᠭᠤᠵᠠᠢ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ | ᠭᠠᠷᠤᠬᠰᠠᠨ ᠠᠴᠠ ᠨᠠᠭᠠᠰᠢ᠂ ᠳᠤᠮᠳᠠᠳᠤ ᠤᠯᠤᠰ ᠲᠡᠯᠡᠬᠡᠢ ᠶᠢᠨ ᠪᠦᠰᠡᠯᠡᠬᠦᠷ ᠤᠨ ᠬᠢᠨᠧᠶᠠ ᠤᠯᠤᠰ ᠢ ᠪᠠᠭᠳᠠᠭᠠᠬᠰᠠᠨ | ᠠᠹᠷᠢᠺᠠ ᠲᠢᠪ ᠤᠨ ᠤᠯᠤᠰ ᠤᠳ ᠲᠠᠢ ᠪᠦᠯᠬᠦᠮᠳᠡᠨ ᠬᠠᠪᠰᠤᠷᠤᠯᠴᠠᠵᠤ᠂ ᠬᠠᠮᠳᠤ ᠪᠠᠷ ᠬᠢᠵᠢᠭ ᠲᠠᠢ ᠲᠡᠮᠡᠴᠡᠵᠤ᠂ | ᠠᠷᠠᠳ ᠲᠦᠮᠡᠨ ᠤ ᠠᠮᠢ ᠨᠠᠰᠤ ᠡᠷᠡᠬᠦᠯ ᠮᠡᠨᠳᠤ ᠶᠢᠨ ᠠᠮᠤᠷ ᠲᠦᠪᠰᠢᠨ ᠢ ᠪᠦᠬᠦ ᠬᠦᠴᠤ ᠪᠠᠷ ᠢᠶᠠᠨ ᠬᠠᠮᠠᠭᠠᠯᠠᠵᠦ᠂ | ᠳᠤᠮᠳᠠᠳᠤ ᠠᠹᠷᠢᠺᠠ ᠶᠢᠨ ᠨᠦᠬᠦᠷᠯᠠᠯ ᠳᠤ ᠰᠢᠨ᠎ᠠ ᠠᠭᠤᠯᠤᠬᠳᠠᠬᠤᠨ ᠨᠡᠮᠡᠷᠢᠯᠠᠪᠠ᠃ ᠪᠢ ᠳᠤᠮᠳᠠᠳᠤ ᠲᠡᠯᠡᠬᠡᠢ ᠶᠢᠨ | ᠪᠦᠰᠡᠯᠡᠬᠦᠷ ᠤᠨ ᠬᠢᠨᠧᠶᠠ ᠶᠢᠨ ᠬᠠᠷᠢᠯᠴᠠᠭ᠎ᠠ ᠶᠢᠨ ᠬᠦᠭᠵᠢᠯᠳᠠ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ | ᠲᠤᠷᠠᠳᠠᠶ᠎ᠠ ᠶᠠᠷᠤᠩᠬᠡᠶᠢᠯᠡᠭᠴᠢ ᠠᠤᠪᠢ᠊ ᠊ ᠠᠩ ᠲᠠᠢ ᠬᠠᠮᠳᠤ ᠪᠠᠷ ᠴᠢᠷᠮᠠᠶᠢᠵᠤ ᠪᠠᠶᠢᠭᠠᠳ᠂ ᠬᠤᠶᠠᠷ ᠤᠯᠤᠰ ᠤᠨ | ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ 50 ᠵᠢᠯ ᠤᠨ ᠤᠢ ᠪᠠᠷ ᠠᠵᠠ ᠲᠤᠬᠢᠶᠠᠯ ᠪᠤᠯᠭᠠᠵᠤ᠂ ᠤᠯᠤᠰ | ᠲᠦᠷᠤ ᠶᠢᠨ ᠢᠳᠡᠬᠡᠯᠴᠡᠭᠡ ᠪᠠᠨ ᠪᠠᠳᠤᠳᠬᠠᠵᠤ᠂ ︽ᠨᠢᠬᠡ ᠪᠦᠰᠠ ᠨᠢᠬᠡ ᠵᠠᠮ︾ ᠢ ᠬᠠᠮᠳᠤ ᠪᠠᠷ ᠪᠦᠳᠤᠬᠡᠨ | ᠪᠠᠶᠢᠭᠤᠯᠬᠤ ᠪᠠ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠪᠤᠷᠤ ᠲᠦᠯᠤᠪ | ᠳᠤᠳᠤᠷᠠᠬᠢ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠳᠤᠮᠳᠠᠳᠤ ᠲᠡᠯᠡᠬᠡᠢ ᠶᠢᠨ | ᠪᠦᠰᠡᠯᠡᠬᠦᠷ ᠤᠨ ᠬᠢᠨᠧᠶᠠ ᠶᠢᠨ ᠬᠠᠷᠢᠯᠴᠠᠭ᠎ᠠ ᠲᠠᠰᠤᠷᠠᠯᠳᠠ ᠦᠬᠡᠢ ᠰᠢᠨ᠎ᠠ ᠲᠡᠭᠳᠡᠷ ᠲᠤ ᠭᠠᠷᠬᠤ ᠶᠢ ᠠᠬᠢᠭᠤᠯᠵᠤ᠂ | ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠤᠢᠢᠯᠡᠳᠤᠨᠠ ᠬᠡᠵᠤ ᠵᠢᠭᠠᠵᠤ ᠭᠠᠷᠭᠠᠪᠠ᠃ | | ᠠᠤᠪᠢ᠊ ᠊ ᠠᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ 50 | ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠭᠠᠷ ᠬᠤᠯᠪᠤᠯᠴᠠᠨ ᠮᠦᠷᠤ ᠵᠡᠷᠬᠡᠴᠡᠨ ᠤᠷᠤᠬᠰᠢᠯᠠᠵᠤ᠂ ᠢᠮᠠᠬᠳᠠ | ᠬᠠᠷᠢᠯᠴᠠᠨ ᠤᠢᠢᠯᠠᠭᠠᠯᠴᠠᠵᠤ᠂ ᠬᠠᠷᠢᠯᠴᠠᠨ ᠬᠠᠮᠵᠢᠯᠴᠠᠵᠤ᠂ ᠬᠠᠷᠢᠯᠴᠠᠨ ᠬᠠᠪᠰᠤᠷᠤᠯᠴᠠᠵᠤ᠂ ᠡᠯ᠎ᠠ ᠬᠦᠷᠢᠶᠠᠨ ᠤ | ᠬᠠᠮᠳᠤᠷᠠᠯᠴᠠᠭ᠎ᠠ ᠡᠯᠪᠡᠭ ᠪᠠᠶᠠᠯᠢᠬ ᠠᠮᠵᠢᠯᠳᠠ ᠪᠦᠳᠤᠮᠵᠢ ᠤᠯᠪᠠ᠃ ᠲᠡᠯᠡᠬᠡᠢ ᠶᠢᠨ ᠪᠦᠰᠡᠯᠡᠬᠦᠷ ᠤᠨ ᠬᠢᠨᠧᠶᠠ ᠨᠢ | ᠳᠤᠮᠳᠠᠳᠤ ᠤᠯᠤᠰ ᠯᠤᠭ᠎ᠠ ᠠᠳᠠᠯᠢᠪᠳᠤᠷ ᠲᠡᠤᠬᠡ ᠶᠢᠨ ᠦᠩᠬᠡᠷᠡᠯᠳᠠ ᠲᠠᠢ ᠶᠤᠮ᠂ ᠤᠳᠤᠬᠠᠨ ᠳᠤ ᠲᠡᠯᠡᠬᠡᠢ | ᠨᠡᠶᠢᠬᠡᠮ ᠳᠤ ᠴᠢᠬᠤᠯᠠ ᠶᠡᠭᠡ ᠦᠷᠢᠰᠤᠯᠳᠤᠬᠡᠨ ᠲᠤᠯᠭᠠᠷᠠᠵᠦ ᠪᠠᠶᠢᠬᠤ ᠳᠤ᠂ ᠬᠤᠶᠠᠷ ᠤᠯᠤᠰ ᠢᠶᠠᠷ ᠢᠶᠠᠨ ᠬᠠᠮᠳᠤ ᠶᠢᠨ | ᠵᠤᠬᠰᠤᠯᠳᠠ ᠪᠠᠨ ᠪᠠᠷᠢᠮᠳᠠᠯᠠᠵᠤ᠂ ᠤᠯᠠᠨ ᠲᠠᠯᠠᠳᠤ ᠦᠵᠡᠯ ᠂ ᠶᠠᠷᠢᠯᠴᠠᠭ᠎ᠠ ᠬᠢᠬᠦ ᠪᠠ ᠪᠤᠰᠤᠳ ᠤᠯᠤᠰ ᠤᠨ | ᠳᠤᠳᠤᠭᠠᠳᠤ ᠶᠠᠪᠤᠳᠠᠯ ᠳᠤ ᠦᠯᠤ ᠭᠠᠷ ᠲᠦᠷᠤᠬᠦ ᠵᠠᠷᠴᠢᠮ ᠢ ᠬᠠᠮᠠᠭᠠᠯᠠᠵᠤ᠂ ᠬᠠᠮᠳᠤ ᠶᠢᠨ ᠠᠰᠢᠬ ᠲᠤᠰᠠ ᠪᠠᠨ | ᠬᠠᠮᠠᠭᠠᠯᠠᠶ᠎ᠠ᠃ ᠲᠡᠯᠡᠬᠡᠢ ᠶᠢᠨ ᠪᠦᠰᠡᠯᠡᠬᠦᠷ ᠤᠨ ᠬᠢᠨᠧᠶᠠ ᠬᠤᠶᠠᠷ ᠤᠯᠤᠰ ᠤᠨ ᠬᠠᠷᠢᠯᠴᠠᠭ᠎ᠠ ᠶᠢᠨ ᠬᠦᠭᠵᠢᠯᠳᠠ ᠳᠤ | ᠰᠡᠳᠬᠢᠯ ᠬᠠᠨᠤᠮᠵᠢᠳᠠᠢ ᠪᠠᠶᠢᠨ᠎ᠠ᠂ ᠲᠤᠷᠠᠳᠠᠶ᠎ᠠ ᠳᠤᠮᠳᠠᠳᠤ ᠤᠯᠤᠰ ᠲᠠᠢ ᠬᠠᠮᠳᠤ ᠪᠠᠷ ᠴᠢᠷᠮᠠᠶᠢᠵᠤ ᠪᠠᠶᠢᠭᠠᠳ᠂ | ᠬᠠᠮᠳᠤᠷᠠᠯᠴᠠᠭ᠎ᠠ ᠶᠢ ᠦᠷᠬᠦᠯᠵᠢᠯᠠᠨ ᠦᠷᠬᠡᠳᠬᠡᠵᠤ᠂ ᠬᠤᠶᠠᠷ ᠤᠯᠤᠰ ᠤᠨ ᠨᠦᠬᠦᠷᠰᠡᠭ ᠬᠠᠷᠢᠯᠴᠠᠭ᠎ᠠ ᠶᠢ ᠴᠢᠨᠠᠬᠰᠢᠳᠠ | ᠪᠠᠳᠤᠳᠬᠠᠨ᠎ᠠ ᠬᠡᠵᠤ ᠢᠯᠡᠳᠬᠡᠵᠡᠢ᠃ |