ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠬᠰᠠᠨ ᠨᠢ ᠨᠡᠩ ᠶᠡᠭᠡ ᠰᠦᠰᠦ ᠵᠤᠷᠢᠭ ᠨᠡᠩ ᠦᠨᠳᠦᠷ ᠭᠠᠷᠤᠭ᠎ᠠ ᠠᠴᠠ ᠦᠭᠡᠷᠡᠴᠢᠯᠡᠯᠳᠠ ᠨᠡᠭᠡᠭᠡᠯᠳᠠ ᠶᠢ ᠠᠬᠢᠭᠤᠯᠵᠦ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠳᠤ ᠪᠦᠬᠦ ᠤᠯᠤᠰ ᠤᠨ ᠡᠮᠦᠨ᠎ᠠ ᠡᠩᠨᠡᠭᠡᠨ ᠳᠤ ᠶᠠᠪᠤᠵᠦ ᠰᠢᠨ᠎ᠠ ᠭᠡᠷᠡᠯ ᠰᠠᠴᠤᠷᠠᠩᠭᠤᠢ ᠠᠮᠵᠢᠯᠳᠠ ᠶᠢ ᠡᠬᠦᠳᠬᠦ ᠭᠡᠷᠡᠭᠲᠡᠢ
ᠨᠡᠶᠢᠲᠡᠯᠡᠭᠰᠡᠨ ᠴᠠᠭ᠄
2020/10/19
   ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠦᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠨ᠂ ᠴᠢᠨᠠᠷ ᠰᠠᠶᠢᠳᠠᠢ ᠬᠦᠭᠵᠢᠯᠳᠠ ᠶᠢ ᠪᠠᠷᠢᠮᠳᠠᠯᠠᠵᠦ᠂ ᠦᠵᠡᠯ ᠰᠠᠨᠠᠭ᠎ᠠ ᠪᠠᠨ ᠤᠯᠠᠮ ᠴᠢᠨᠠᠬᠰᠢᠳᠠ ᠴᠢᠯᠦᠭᠡᠯᠡᠨ᠂ ᠵᠤᠷᠢᠭᠳᠠᠢ ᠪᠠᠷ ᠰᠢᠨ᠎ᠠ ᠶᠢ ᠡᠬᠦᠳᠴᠦ᠂ ᠦᠨᠡᠨ ᠬᠦ ᠠᠳᠬᠤᠵᠦ ᠪᠤᠳᠠᠳᠠᠢ ᠠᠵᠢᠯᠯᠠᠨ᠂ ᠡᠷᠡᠮᠡᠭᠡᠶᠢᠯᠡᠨ ᠤᠷᠤᠬᠰᠢᠯᠠᠵᠦ᠂ ᠨᠡᠩ ᠶᠡᠭᠡ ᠰᠦᠰᠦ ᠵᠤᠷᠢᠭ ᠨᠡᠩ ᠦᠨᠳᠦᠷ ᠭᠠᠷᠤᠭ᠎ᠠ ᠠᠴᠠ ᠦᠭᠡᠷᠡᠴᠢᠯᠡᠯᠳᠠ ᠨᠡᠭᠡᠭᠡᠯᠳᠠ ᠶᠢ ᠠᠬᠢᠭᠤᠯᠤᠨ᠂ ᠭᠤᠸᠠᠩᠳᠦ᠋ᠩ ᠰᠢᠶᠠᠩᠭᠠᠩ ᠤᠤᠮᠧᠨ ᠤ ᠲᠤᠮᠤ ᠪᠤᠯᠤᠩ ᠤᠨ ᠤᠷᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠨᠡᠩ ᠦᠨᠳᠦᠷ ᠲᠦᠪᠰᠢᠨ ᠲᠠᠢ ᠭᠠᠳᠠᠭᠠᠳᠦ ᠨᠡᠭᠡᠭᠡᠯᠳᠠ ᠶᠢ ᠠᠬᠢᠭᠤᠯᠬᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠠᠬᠢᠭᠤᠯᠤᠨ ᠪᠦᠷᠢᠯᠳᠦᠬᠦᠯᠬᠦ᠂ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠰᠠᠶᠢᠳᠤᠷ ᠠᠳᠬᠤᠬᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠨᠡᠩ ᠶᠡᠭᠡ ᠰᠢᠨ᠎ᠠ ᠵᠢᠳᠬᠦᠯ ᠴᠢᠷᠮᠠᠶᠢᠯᠭ᠎ᠠ ᠭᠠᠷᠭᠠᠵᠦ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠳᠤ ᠪᠦᠬᠦ ᠤᠯᠤᠰ ᠤᠨ ᠡᠮᠦᠨ᠎ᠠ ᠡᠩᠨᠡᠭᠡᠨ ᠳᠤ ᠶᠠᠪᠤᠵᠦ᠂ ᠰᠢᠨ᠎ᠠ ᠭᠡᠷᠡᠯ ᠰᠠᠴᠤᠷᠠᠩᠭᠤᠢ ᠠᠮᠵᠢᠯᠳᠠ ᠶᠢ ᠡᠬᠦᠳᠬᠦ ᠭᠡᠷᠡᠭᠲᠡᠢ ᠭᠡᠵᠦ ᠴᠢᠬᠤᠯᠠᠴᠢᠯᠠᠪᠠ᠃    
   10 ᠰᠠᠷ᠎ᠠ ᠶᠢᠨ 12 ᠠᠴᠠ 13 ᠤ ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 12 ᠤᠨ ᠦᠳᠡ ᠶᠢᠨ ᠬᠤᠶᠢᠨ᠎ᠠ᠂ ᠰᠢ ᠶᠢᠨ ᠫᠢᠩ ᠴᠤᠤᠵᠸᠤ ᠬᠤᠳᠠ ᠶᠢᠨ ᠡᠷᠳᠡᠨ ᠤ ᠬᠤᠳᠠ ᠶᠢᠨ ᠫᠠᠢ ᠹᠠᠩ ᠵᠡᠬᠡᠯᠢ ᠪᠠᠷ ᠰᠢᠨᠵᠢᠯᠡᠨ ᠪᠠᠶᠢᠴᠠᠭᠠᠬᠤ ᠳᠠᠭᠠᠨ ᠤᠯᠠᠨ ᠤ ᠵᠦᠭ ᠭᠠᠷ ᠲᠠᠯᠠᠯᠤᠨ ᠮᠡᠨᠳᠦᠴᠢᠯᠡᠵᠤ ᠪᠠᠶᠢᠭ᠎ᠠ ᠨᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠤ᠋ ᠰᠡᠭᠦᠳᠡᠷᠯᠡᠪᠡ    ᠠᠯᠳᠠᠨ ᠨᠠᠮᠤᠷ ᠤᠨ ᠤᠯᠠᠷᠢᠯ ᠳᠤ᠂ ᠭᠤᠸᠠᠩᠳᠦ᠋ᠩ ᠤᠨ ᠡᠭᠡ ᠭᠠᠵᠠᠷ ᠲᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 10 ᠰᠠᠷ᠎ᠠ ᠶᠢᠨ 12 ᠠᠴᠠ 13 ᠤ ᠡᠳᠦᠷ ᠪᠤᠯᠳᠠᠯ᠎ᠠ᠂ ᠰᠢ ᠶᠢᠨ ᠫᠢᠩ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠡᠰᠢᠬᠦᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶᠠᠨ ᠤ ᠱᠦᠵᠢ ᠯᠢ ᠰᠢ ᠪᠤᠯᠤᠨ ᠮᠤᠵᠢ ᠶᠢᠨ ᠳᠠᠷᠤᠭ᠎ᠠ ᠮᠠ ᠰᠢᠩ ᠷᠦᠢ ᠶᠢᠨ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ ᠴᠤᠤᠵᠸᠦ᠂ ᠱᠠᠨᠳ᠋ᠸᠦ ᠵᠡᠷᠭᠡ ᠭᠠᠵᠠᠷ ᠢᠶᠠᠷ ᠬᠦᠷᠴᠦ᠂ ᠲᠡᠦᠭᠡ ᠶᠢᠨ ᠲᠤᠷᠠᠰᠬᠠᠯᠳᠦ ᠵᠦᠢᠯ ᠤᠨ ᠬᠠᠮᠠᠭᠠᠯᠠᠯᠳᠠ ᠶᠢᠨ ᠨᠢᠭᠡᠴᠢ᠂ ᠲᠡᠦᠭᠡ ᠰᠤᠶᠤᠯ ᠤᠨ ᠵᠡᠭᠡᠯᠢ ᠲᠤᠭᠤᠷᠢᠭ᠂ ᠠᠵᠤ ᠠᠬᠤᠢᠢᠯᠠᠯ ᠵᠡᠷᠭᠡ ᠪᠠᠷ ᠬᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠬᠦ᠂ ᠦᠭᠡᠷᠡᠴᠢᠯᠡᠯᠳᠠ ᠨᠡᠭᠡᠭᠡᠯᠳᠠ ᠶᠢ ᠬᠦᠨᠵᠡᠭᠡᠶᠢᠷᠡᠬᠦᠯᠬᠦ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠠ ᠶᠢ ᠲᠦᠰᠦᠪᠯᠡᠬᠦ ᠵᠡᠷᠭᠡ ᠲᠠᠯ᠎ᠠ ᠪᠠᠷ ᠪᠠᠶᠢᠴᠠᠭᠠᠨ ᠰᠤᠳᠤᠯᠪᠠ᠃    
  10 ᠰᠠᠷ᠎ᠠ ᠶᠢᠨ 12 ᠠᠴᠠ 13 ᠤ ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 13 ᠤ ᠦᠳᠡ ᠶᠢᠨ ᠬᠤᠶᠢᠨ᠎ᠠ᠂ ᠰᠢ ᠶᠢᠨ ᠫᠢᠩ ᠱᠠᠨᠳ᠋ᠸᠤ ᠬᠤᠳᠠ ᠶᠢᠨ ᠪᠠᠭ᠎ᠠ ᠴᠡᠴᠡᠷᠯᠢᠭ ᠤᠨ ᠱᠠᠨᠲᠸᠤ ᠶᠢᠨ ᠭᠠᠳᠠᠭᠠᠳᠤ ᠠᠷᠠᠯᠵᠢᠶᠠᠨ ᠤ ᠬᠤᠳᠠ ᠶᠢᠨ ᠰᠤᠶᠤᠯ ᠤᠨ ᠲᠡᠯᠬᠡᠨ ᠦᠵᠡᠬᠦᠯᠬᠦ ᠤᠷᠳᠤᠨ ᠳᠤ ᠰᠢᠨᠵᠢᠯᠡᠨ ᠪᠠᠶᠢᠴᠠᠭᠠᠵᠤ᠂ ᠱᠠᠨᠲᠸᠤ ᠶᠢᠨ ᠨᠡᠬᠡᠬᠡᠯᠳᠠ ᠶᠢᠨ ᠲᠡᠤᠬᠡ᠂ ᠠᠵᠤ ᠠᠬᠤᠢ ᠶᠢᠨ ᠤᠨᠴᠠᠭᠠᠢ ᠤᠷᠤᠨ ᠤ ᠬᠦᠭᠵᠢᠯᠳᠠ ᠶᠢᠨ ᠠᠮᠵᠢᠯᠳᠠ ᠪᠦᠳᠤᠮᠵᠢ ᠵᠢᠴᠢ ᠲᠠᠷᠠᠭᠠᠴᠢ ᠶᠢᠨ ᠠᠯᠬᠤᠮ ᠤᠨ ᠬᠦᠭᠵᠢᠯᠳᠠ ᠶᠢᠨ ᠲᠦᠯᠤᠪᠵᠢᠬᠦᠯᠬᠡ ᠶᠢᠨ ᠪᠠᠶᠢᠳᠠᠯ ᠢ ᠤᠢᠢᠯᠠᠭᠠᠵᠤ ᠪᠠᠶᠢᠭ᠎ᠠ ᠨᠢ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠤᠩ ᠰᠡᠭᠦᠳᠡᠷᠯᠡᠪᠡ    12 ᠤᠨ ᠦᠳᠡ ᠶᠢᠨ ᠬᠤᠶᠢᠨ᠎ᠠ᠂ ᠰᠢ ᠶᠢᠨ ᠫᠢᠩ ᠴᠤᠤᠵᠸᠦ ᠬᠤᠳᠠ ᠳᠤ ᠰᠢᠨᠵᠢᠯᠡᠨ ᠪᠠᠶᠢᠴᠠᠭᠠᠪᠠ᠃ ᠴᠤᠤᠵᠸᠦ ᠶᠢᠨ ᠡᠷᠳᠡᠨ ᠤ ᠬᠤᠳᠠ ᠶᠢᠨ ᠵᠡᠬᠦᠨ ᠡᠬᠦᠳᠡᠨ ᠤ ᠭᠠᠳᠠᠨᠠᠬᠢ ᠭᠤᠸᠠᠩᠵᠢ ᠬᠦᠬᠦᠷᠭᠡ ᠶᠢ ᠡᠮᠦᠨᠡᠳᠦ ᠰᠦᠩ ᠤᠯᠤᠰ ᠤᠨ ᠦᠶ᠎ᠠ ᠳᠤ ᠪᠠᠶᠢᠭᠤᠯᠵᠠᠢ᠂ ᠡᠨᠡ ᠬᠦ ᠬᠦᠭᠦᠷᠭᠡ ᠬᠠᠨᠵᠢᠶᠠᠩ ᠮᠦᠷᠡᠨ ᠤ ᠬᠤᠶᠠᠷ ᠡᠷᠬᠢ ᠶᠢ ᠰᠤᠨᠳᠠᠯᠠᠨ᠂ ᠦᠪᠡᠷᠮᠢᠴᠡ ᠬᠡᠪ ᠨᠠᠮᠪᠠ ᠲᠠᠢ ᠪᠠᠶᠢᠭ᠎ᠠ ᠶᠤᠮ᠂ ᠨᠢᠷᠤᠭᠤᠯᠢᠬ ᠬᠦᠭᠦᠷᠭᠡ᠂ ᠬᠦᠪᠤᠮᠠᠯ ᠬᠦᠬᠦᠷᠭᠡ᠂ ᠭᠤᠯᠳᠤᠩ ᠬᠦᠬᠦᠷᠭᠡ ᠶᠢ ᠨᠢᠭᠡ ᠴᠤᠬᠴᠠᠵᠢᠭᠤᠯᠤᠭᠰᠠᠨ ᠢᠶᠠᠷ ︽ᠳᠡᠯᠡᠭᠡᠢ ᠳᠡᠭᠡᠷᠡᠬᠢ ᠬᠠᠮᠤᠭ ᠡᠷᠳᠡᠨ ᠤ ᠨᠡᠭᠡᠭᠡᠵᠦ ᠬᠠᠭᠠᠬᠤ ᠮᠠᠶᠢᠬ ᠤᠨ ᠬᠦᠬᠦᠷᠭᠡ︾ ᠭᠡᠮᠡᠭᠳᠡᠵᠡᠢ᠃ ᠰᠢ ᠶᠢᠨ ᠫᠢᠩ ᠬᠦᠬᠦᠷᠭᠡ ᠳᠠᠭᠠᠤ ᠠᠯᠬᠤᠯᠠᠨ᠂ ᠬᠦᠬᠦᠷᠭᠡ ᠶᠢᠨ ᠲᠢᠩᠰᠠ᠂ ᠬᠦᠪᠦᠮᠡᠯ ᠬᠦᠬᠦᠷᠭᠡ ᠶᠢ ᠪᠠᠶᠢᠴᠠᠭᠠᠨ ᠦᠵᠡᠵᠦ᠂ ᠬᠠᠨᠵᠢᠶᠠᠩ ᠤᠨ ᠬᠤᠶᠠᠷ ᠡᠷᠬᠢ ᠶᠢᠨ ᠦᠵᠡᠮᠵᠢ ᠶᠢ ᠰᠤᠨᠢᠷᠬᠠᠨ᠂ ᠬᠦᠬᠦᠷᠭᠡ ᠶᠢᠨ ᠲᠡᠦᠭᠡ ᠰᠤᠶᠤᠯ ᠤᠨ ᠤᠨᠴᠠᠯᠢᠭ ᠢ ᠤᠢᠢᠯᠠᠭᠠᠵᠦ᠂ ᠭᠤᠸᠠᠩᠵᠢ ᠬᠦᠬᠦᠷᠭᠡ ᠶᠢ ᠵᠠᠰᠠᠨ ᠰᠡᠷᠬᠦᠭᠡᠵᠦ ᠬᠠᠮᠠᠭᠠᠯᠠᠵᠦ ᠪᠠᠶᠢᠭ᠎ᠠ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠠᠢ᠃ ᠰᠢ ᠶᠢᠨ ᠫᠢᠩ᠂ ᠭᠤᠸᠠᠩᠵᠢ ᠬᠦᠬᠦᠷᠭᠡ ᠶᠢ ᠲᠡᠦᠭᠡᠨ ᠳᠡᠭᠡᠷ᠎ᠠ ᠭᠡᠳᠦ ᠤᠳᠠᠭ᠎ᠠ ᠲᠠᠬᠢᠨ ᠪᠠᠶᠢᠭᠤᠯᠬᠤ ᠪᠠ ᠵᠠᠰᠠᠨ ᠰᠡᠯᠪᠢᠵᠦ᠂ ᠠᠳᠠᠯᠢ ᠪᠤᠰᠤ ᠴᠠᠭ ᠦᠶ᠎ᠠ ᠶᠢᠨ ᠬᠦᠳᠡᠯᠮᠦᠷᠢᠴᠢᠨ ᠠᠷᠠᠳ ᠲᠦᠮᠡᠨ ᠤ ᠤᠷᠠᠨ ᠳᠠᠷᠬᠠᠨ ᠤ ᠤᠷ᠎ᠠ ᠮᠡᠷᠭᠡᠵᠢᠯ ᠪᠠ ᠤᠶᠤᠨ ᠤᠬᠠᠭᠠᠨ ᠢ ᠨᠢᠬᠳᠠᠷᠠᠭᠤᠯᠵᠦ ᠪᠠᠶᠢᠬᠤ ᠪᠠᠷ ᠢᠶᠠᠨ ᠴᠢᠬᠤᠯᠠ ᠲᠡᠦᠭᠡ᠂ ᠰᠢᠨᠵᠢᠯᠡᠬᠦ ᠤᠬᠠᠭᠠᠨ᠂ ᠤᠷᠠᠯᠢᠭ ᠤᠨ ᠦᠨ᠎ᠠ ᠦᠷᠳᠡᠭ ᠲᠠᠢ ᠶᠤᠮ᠂ ᠡᠨᠡ ᠨᠢ ᠴᠤᠤᠵᠸᠦ ᠶᠢᠨ ᠲᠡᠦᠭᠡ ᠰᠤᠶᠤᠯ ᠤᠨ ᠴᠢᠬᠤᠯᠠ ᠪᠡᠯᠭᠡ ᠳᠡᠮᠳᠡᠭ ᠪᠤᠯᠤᠨ᠎ᠠ᠃ ᠡᠨᠡ ᠬᠦ ᠬᠤᠪᠤᠷ ᠨᠡᠨᠳᠢᠨ ᠲᠡᠦᠭᠡ ᠰᠤᠶᠤᠯ ᠤᠨ ᠦᠪ ᠢᠶᠠᠨ ᠡᠷᠬᠢᠮᠨᠡᠨ ᠨᠠᠨᠳᠢᠩᠨᠠᠵᠦ ᠰᠠᠶᠢᠳᠤᠷ ᠬᠠᠮᠠᠭᠠᠯᠠᠨ᠂ ᠭᠡᠳᠦᠷᠭᠡᠢ ᠵᠠᠰᠠᠨ ᠰᠡᠯᠪᠢᠬᠦ᠂ ᠭᠡᠳᠦᠷᠭᠡᠢ ᠨᠡᠭᠡᠭᠡᠨ ᠠᠰᠢᠬᠯᠠᠬᠤ ᠦᠭᠡᠢ ᠪᠠᠶᠢᠬᠤ ᠬᠡᠷᠡᠭᠳᠠᠢ᠂ ᠴᠢᠳᠠᠬᠤ ᠶᠢᠨ ᠬᠢᠷᠢ ᠪᠠᠷ ᠲᠡᠦᠭᠡ ᠶᠢᠨ ᠤᠤᠯ ᠲᠦᠷᠢ ᠪᠠᠶᠢᠳᠠᠯ ᠢ ᠨᠢ ᠦᠯᠡᠳᠡᠭᠡᠬᠦ ᠭᠡᠷᠡᠭᠲᠡᠢ᠃ ᠬᠠᠨᠵᠢᠶᠠᠩ ᠮᠦᠷᠡᠨ ᠤ ᠰᠠᠪᠠ ᠭᠠᠵᠠᠷ ᠤᠨ ᠶᠡᠷᠦᠩᠭᠡᠶᠢᠯᠡᠭᠰᠡᠨ ᠵᠠᠰᠠᠯᠳᠠ ᠶᠢ ᠰᠠᠶᠢᠳᠤᠷ ᠠᠳᠬᠤᠵᠦ᠂ ᠬᠠᠨᠵᠢᠶᠠᠩ ᠮᠦᠷᠡᠨ ᠢ ᠤᠰᠤ ᠨᠢ ᠲᠤᠩᠭᠠᠯᠠᠭ ᠦᠵᠡᠮᠵᠢ ᠨᠢ ᠭᠤᠶᠤᠬᠠᠨ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠪᠠ᠃    ᠳᠠᠷᠠᠭ᠎ᠠ ᠨᠢ ᠰᠢ ᠶᠢᠨ ᠫᠢᠩ ᠭᠤᠸᠠᠩᠵᠢ ᠬᠦᠬᠦᠷᠭᠡ ᠶᠢᠨ ᠬᠠᠵᠠᠭᠤ ᠳᠠᠬᠢ ᠭᠤᠸᠠᠩᠵᠢ ᠡᠬᠦᠳᠡ ᠪᠠᠷ ᠠᠯᠬᠤᠨ ᠤᠷᠤᠵᠦ᠂ ᠴᠢᠯᠠᠭᠤᠨ ᠳᠡᠭᠳᠡᠷ ᠢᠶᠠᠷ ᠭᠤᠸᠠᠩᠵᠢ ᠠᠰᠠᠷ ᠲᠤ ᠭᠠᠷᠪᠠ᠃ ᠠᠰᠠᠷ ᠤᠨ ᠦᠵᠡᠬᠦᠯᠭᠡ ᠶᠢᠨ ᠲᠢᠩᠬᠢᠮ ᠳᠤ᠂ ᠰᠢ ᠶᠢᠨ ᠫᠢᠩ ᠴᠤᠤᠵᠸᠦ ᠶᠢᠨ ᠪᠤᠳᠠᠰ ᠤᠨ ᠪᠤᠰᠤ ᠰᠤᠶᠤᠯ ᠤᠨ ᠦᠪ ᠤᠨ ᠪᠦᠳᠦᠭᠡᠯ ᠢ ᠪᠠᠶᠢᠴᠠᠭᠠᠨ ᠦᠵᠡᠵᠦ᠂ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠤᠨ ᠤᠯᠠᠮᠵᠢᠯᠠᠬᠴᠢ ᠶᠢᠨ ᠲᠦᠯᠦᠭᠡᠯᠡᠭᠴᠢ ᠶᠢᠨ ᠲᠤᠬᠠᠢ ᠶᠢᠨ ᠲᠠᠯᠠᠪᠠᠢ ᠳᠤ ᠵᠤᠬᠢᠶᠠᠨ ᠪᠦᠳᠦᠭᠡᠵᠦ ᠪᠠᠶᠢᠭ᠎ᠠ ᠪᠠᠶᠢᠳᠠᠯ ᠢ ᠲᠤᠭᠤᠷᠢᠨ ᠦᠵᠡᠵᠦ᠂ ᠳᠡᠳᠡᠨ ᠲᠠᠢ ᠳᠤᠳᠤᠨᠤ ᠪᠠᠷ ᠶᠠᠷᠢᠯᠴᠠᠨ᠂ ᠴᠤᠤᠵᠸᠦ ᠶᠢᠨ ᠤᠯᠠᠮᠵᠢᠯᠠᠯᠳᠦ ᠤᠷ᠎ᠠ ᠮᠡᠷᠭᠡᠵᠢᠯ ᠢ ᠤᠯᠠᠮᠵᠢᠯᠠᠵᠦ ᠪᠠᠶᠢᠭ᠎ᠠ ᠪᠠᠶᠢᠳᠠᠯ ᠢ ᠤᠢᠢᠯᠠᠭᠠᠵᠠᠢ᠃ ᠰᠢ ᠶᠢᠨ ᠫᠢᠩ᠂ ᠴᠤᠤᠵᠸᠦ ᠶᠢᠨ ᠰᠤᠶᠤᠯ ᠨᠢ ᠢᠯᠠ ᠳᠤᠳᠤ ᠤᠷᠤᠨ ᠪᠦᠰᠡ ᠶᠢᠨ ᠤᠨᠴᠠᠯᠢᠭ ᠲᠠᠢ ᠶᠤᠮ᠂ ᠡᠨᠡ ᠨᠢ ᠯᠢᠩᠨᠠᠨ ᠤ ᠰᠤᠶᠤᠯ ᠤᠨ ᠴᠢᠬᠤᠯᠠ ᠪᠦᠷᠢᠯᠳᠦᠬᠦᠨ ᠭᠡᠰᠡᠭ᠂ ᠳᠤᠮᠳᠠᠳᠤ ᠶᠢᠨ ᠰᠤᠶᠤᠯ ᠤᠨ ᠴᠢᠬᠤᠯᠠ ᠰᠠᠯᠪᠤᠷᠢ ᠪᠤᠯᠤᠨ᠎ᠠ᠃ ᠴᠤᠤᠵᠸᠦ ᠶᠢᠨ ᠬᠠᠳᠬᠤᠮᠠᠯ᠂ ᠴᠤᠤᠵᠸᠦ ᠶᠢᠨ ᠱᠠᠭᠠᠵᠠᠩ᠂ ᠴᠤᠤᠵᠸᠦ ᠶᠢᠨ ᠰᠡᠶᠢᠯᠦᠮᠡᠯ᠂ ᠴᠤᠤᠵᠸᠦ ᠶᠢᠨ ᠱᠤᠭᠤᠮᠠᠯ᠂ ᠴᠤᠤᠵᠸᠦ ᠶᠢᠨ ᠵᠦᠴᠦᠭᠡ ᠪᠠ ᠴᠤᠤᠵᠸᠦ ᠶᠢᠨ ᠴᠠᠶᠢᠯᠠᠬᠤ ᠵᠠᠩ ᠳᠠᠳᠬᠠᠯ ᠪᠠ ᠴᠤᠤᠵᠸᠦ ᠶᠢᠨ ᠬᠠᠭᠤᠷᠤᠬᠰᠠᠨ ᠨᠤᠭᠤᠭ᠎ᠠ ᠵᠡᠷᠭᠡ ᠪᠠᠷ ᠲᠦᠯᠦᠭᠡᠯᠡᠬᠦᠯᠦᠭᠰᠡᠨ ᠴᠤᠤᠵᠸᠦ ᠶᠢᠨ ᠪᠤᠳᠠᠰ ᠤᠨ ᠪᠤᠰᠤ ᠰᠤᠶᠤᠯ ᠤᠨ ᠦᠪ ᠪᠤᠯ ᠳᠤᠮᠳᠠᠳᠤ ᠶᠢᠨ ᠰᠤᠶᠤᠯ ᠤᠨ ᠦᠨᠡᠳᠦ ᠡᠷᠳᠡᠨᠢ ᠮᠦᠨ᠃ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠦ ᠤᠯᠠᠮᠵᠢᠯᠠᠬᠤ ᠪᠠᠨ ᠴᠢᠩᠭᠠᠳᠬᠠᠵᠦ᠂ ᠤᠯᠠᠮᠵᠢᠯᠠᠬᠴᠢ ᠶᠢ ᠢᠳᠡᠪᠬᠢᠳᠠᠢ ᠬᠦᠮᠦᠵᠢᠬᠦᠯᠵᠦ᠂ ᠪᠤᠳᠠᠰ ᠤᠨ ᠪᠤᠰᠤ ᠰᠤᠶᠤᠯ ᠤᠨ ᠦᠪ ᠤᠨ ᠨᠡᠩ ᠪᠠᠭ᠋ᠠᠷᠤᠮ᠎ᠠ ᠰᠠᠶᠢᠬᠠᠨ ᠭᠡᠷᠡᠯ ᠬᠢᠯᠪᠠᠭ᠎ᠠ ᠶᠢ ᠰᠠᠴᠤᠷᠠᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃    ᠰᠢ ᠶᠢᠨ ᠫᠢᠩ ᠬᠤᠶᠠᠳᠤᠭᠠᠷ ᠲᠠᠪᠬᠤᠷᠯᠢᠬ ᠤᠨ ᠰᠠᠷᠠᠪᠴᠢᠳᠦ ᠬᠤᠩᠬᠢᠯ ᠳᠤ ᠬᠦᠷᠴᠦ᠂ ᠠᠯᠤᠰ ᠢ ᠪᠠᠷᠠᠯᠠᠨ᠂ ᠬᠠᠨᠵᠢᠶᠠᠩ ᠮᠦᠷᠡᠨ ᠤ ᠦᠩᠭᠡ ᠦᠵᠡᠮᠵᠢ ᠶᠢ ᠰᠤᠨᠢᠷᠬᠠᠪᠠ᠃ ᠭᠤᠸᠠᠩᠵᠢ ᠠᠰᠠᠷ ᠤᠨ ᠲᠡᠦᠭᠡ ᠪᠠ ᠡᠷᠳᠡᠨ ᠤ ᠬᠤᠳᠠ ᠶᠢ ᠵᠠᠰᠠᠨ ᠰᠡᠷᠬᠦᠭᠡᠵᠦ ᠬᠠᠮᠠᠭᠠᠯᠠᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠤᠬᠰᠠᠨ ᠤ ᠳᠠᠷᠠᠭ᠎ᠠ᠂ ᠰᠢ ᠶᠢᠨ ᠫᠢᠩ᠂ ᠭᠤᠸᠠᠩᠵᠢ ᠬᠦᠬᠦᠷᠭᠡ᠂ ᠭᠤᠸᠠᠩᠵᠢ ᠠᠰᠠᠷ ᠢ ᠪᠠᠭᠳᠠᠭᠠᠭᠰᠠᠨ ᠴᠤᠤᠵᠸᠦ ᠶᠢᠨ ᠡᠷᠳᠡᠨ ᠤ ᠬᠤᠳᠠ ᠨᠡᠯᠢᠶᠡᠳ ᠪᠦᠷᠢᠨ ᠪᠦᠳᠦᠨ ᠬᠠᠳᠠᠭᠠᠯᠠᠬᠳᠠᠨ ᠦᠯᠡᠳᠡᠭᠰᠡᠨ ᠨᠢ ᠦᠨᠡᠭᠡᠷ ᠬᠢᠯᠪᠠᠷ ᠪᠤᠰᠤ᠂ ᠡᠷᠬᠢᠮ ᠨᠠᠨᠳᠢᠨ ᠪᠠᠶᠢᠭ᠎ᠠ ᠶᠤᠮ᠃ ᠬᠠᠭᠤᠴᠢᠨ ᠬᠤᠳᠠ ᠶᠢ ᠦᠭᠡᠷᠡᠴᠢᠯᠡᠨ ᠰᠢᠨᠡᠳᠭᠡᠬᠦ᠂ ᠰᠢᠨ᠎ᠠ ᠬᠤᠳᠠ ᠶᠢ ᠨᠡᠭᠡᠭᠡᠨ ᠬᠦᠭᠵᠢᠬᠦᠯᠬᠦ ᠶᠠᠪᠤᠴᠠ ᠳᠤᠮᠳᠠ᠂ ᠬᠤᠳᠠ ᠶᠢᠨ ᠲᠡᠦᠭᠡ ᠰᠤᠶᠤᠯ ᠤᠨ ᠬᠠᠭᠤᠴᠢ ᠦᠯᠡᠳᠡᠭᠳᠡᠯ ᠢ ᠰᠠᠶᠢᠳᠤᠷ ᠬᠠᠮᠠᠭᠠᠯᠠᠵᠦ᠂ ᠬᠤᠳᠠ ᠶᠢᠨ ᠰᠤᠶᠤᠯ ᠢ ᠤᠯᠠᠮᠵᠢᠯᠠᠨ ᠵᠠᠯᠭᠠᠮᠵᠢᠯᠠᠵᠦ᠂ ᠲᠡᠦᠭᠡ ᠪᠠ ᠤᠳᠤ ᠦᠶ᠎ᠠ ᠶᠢᠨ ᠬᠢ ᠶᠢ ᠴᠦᠮ ᠦᠩᠭᠡ ᠬᠢᠯᠪᠠᠭ᠎ᠠ ᠶᠢ ᠨᠢ ᠰᠠᠴᠤᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃    ᠫᠠᠢ ᠹᠠᠩ ᠵᠡᠬᠡᠯᠢ ᠪᠤᠯ ᠴᠤᠤᠵᠸᠤ ᠬᠤᠳᠠ ᠶᠢᠨ ᠰᠤᠶᠤᠯ ᠤᠨ ᠪᠡᠯᠭᠡ ᠲᠡᠮᠳᠡᠭᠳᠤ ᠪᠠᠷᠢᠯᠭ᠎ᠠ ᠶᠢᠨ ᠨᠢᠬᠡ ᠪᠤᠯᠤᠨ᠎ᠠ᠂ 23 ᠰᠠᠭᠤᠷᠢ ᠡᠷᠳᠡᠨ ᠤ ᠴᠠᠮᠬᠠᠬ ᠨᠢ 51 ᠵᠤᠷᠪᠤᠰ ᠡᠷᠳᠡᠨ ᠤ ᠵᠡᠬᠡᠯᠢ ᠭᠤᠳᠤᠮᠵᠢ ᠶᠢ ᠬᠤᠯᠪᠤᠵᠤ ᠪᠠᠶᠢᠨ᠎ᠠ᠃ ᠰᠢ ᠶᠢᠨ ᠫᠢᠩ ᠵᠡᠬᠡᠯᠢ ᠳᠠᠭᠠᠤ ᠠᠯᠬᠤᠯᠠᠵᠤ᠂ ᠴᠤᠤᠵᠸᠤ ᠬᠤᠳᠠ ᠶᠢᠨ ᠲᠡᠤᠬᠡ ᠰᠤᠶᠤᠯ ᠤᠨ ᠵᠡᠬᠡᠯᠢ ᠲᠤᠭᠤᠷᠢᠭ ᠢ ᠵᠠᠰᠠᠨ ᠰᠡᠷᠬᠦᠭᠡᠵᠦ ᠬᠠᠮᠠᠭᠠᠯᠠᠬᠤ᠂ ᠰᠢᠯᠢᠳᠡᠭ ᠤᠯᠠᠮᠵᠢᠯᠠᠯᠳᠤ ᠰᠤᠶᠤᠯ ᠤᠨ ᠲᠦᠪᠯᠡᠷᠡᠯ ᠤᠷᠤᠨ ᠢ ᠴᠤᠬᠴᠠᠯᠠᠨ ᠪᠠᠶᠢᠭᠤᠯᠤᠬᠰᠠᠨ ᠵᠡᠷᠬᠡ ᠪᠠᠶᠢᠳᠠᠯ ᠢ ᠤᠢᠢᠯᠠᠭᠠᠬᠤ ᠶᠢᠨ ᠬᠠᠮᠳᠦ ᠵᠡᠬᠡᠯᠢ ᠭᠤᠳᠤᠮᠵᠢ ᠶᠢᠨ ᠲᠡᠯᠬᠡᠬᠦᠷ ᠫᠦᠰᠠ ᠪᠠᠷ ᠤᠷᠤᠵᠤ᠂ ᠳᠡᠯᠭᠡᠬᠦᠷ ᠤᠨ ᠠᠵᠢᠯᠳᠠᠳ᠂ ᠭᠡᠷᠡᠭᠯᠡᠭᠴᠢᠳ ᠲᠠᠢ ᠬᠠᠯᠠᠭᠤᠮᠰᠤᠬ ᠢᠶᠠᠷ ᠶᠠᠷᠢᠯᠴᠠᠵᠤ᠂ ᠲᠡᠳᠡᠨ ᠠᠴᠠ ᠠᠷᠠᠯᠵᠢᠶ᠎ᠠ ᠶᠢ ᠰᠡᠷᠬᠦᠬᠡᠵᠤ ᠵᠠᠬ᠎ᠠ ᠲᠡᠯᠬᠡᠬᠦᠷ ᠢ ᠰᠡᠷᠬᠦᠬᠡᠭᠰᠡᠨ ᠪᠠᠶᠢᠳᠠᠯ ᠬᠢᠷᠢ ᠵᠡᠷᠭᠡ ᠪᠠᠶᠢᠬᠤ᠂ ᠤᠢᠢᠯᠡᠳᠪᠤᠷᠢᠯᠠᠯ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠠᠯ ᠪᠠᠶᠢᠬᠤ ᠵᠡᠷᠬᠡ ᠶᠢ ᠯᠠᠪᠯᠠᠨ ᠠᠰᠠᠭᠤᠵᠤ ᠪᠠᠶᠢᠪᠠ᠃ ᠰᠢ ᠶᠢᠨ ᠫᠢᠩ᠂ ᠤᠳᠤᠬᠠᠨ ᠳᠤ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠭᠡᠯ ᠤᠯᠵᠤ᠂ ᠠᠵᠤ ᠠᠬᠤᠢ ᠨᠡᠶᠢᠬᠡᠮ ᠤᠨ ᠡᠮᠬᠢ ᠲᠢᠭᠯᠢᠮ ᠦᠨᠳᠤᠰᠤᠨ ᠳᠡᠭᠡᠨ ᠬᠡᠪ ᠤᠨ ᠪᠠᠶᠢᠳᠠᠯ ᠳᠠᠭᠠᠨ ᠤᠷᠤᠬᠰᠠᠨ ᠪᠤᠯᠪᠠᠴᠤ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠵᠦ᠂ ᠳᠤᠳᠤᠭᠠᠳᠤ ᠳᠠᠭᠠᠨ ᠲᠠᠬᠢᠨ ᠲᠡᠯᠬᠡᠷᠡᠬᠦ ᠶᠢ ᠰᠡᠷᠬᠡᠶᠢᠯᠡᠬᠦ ᠲᠠᠷᠤᠭᠠᠰᠤ ᠮᠦᠨ ᠯᠠ ᠬᠦᠨᠳᠤ ᠪᠠᠶᠢᠨ᠎ᠠ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠠ ᠵᠦᠢᠯ ᠤᠨ ᠠᠷᠭ᠎ᠠ ᠬᠡᠮᠵᠢᠶ᠎ᠠ ᠶᠢ ᠦᠷᠬᠦᠯᠵᠢᠯᠠᠨ ᠴᠢᠩᠭ᠎ᠠ ᠭᠡᠷᠡᠭᠵᠢᠬᠦᠯᠵᠤ᠂ ᠡᠴᠦᠰ ᠲᠤ ᠬᠢᠵᠢᠭ ᠤᠨ ᠪᠠᠶᠢᠳᠠᠯ ᠢ ᠢᠯᠠᠨ ᠲᠠᠪᠠᠭ᠋ᠤ ᠶᠢᠨ ᠲᠦᠯᠤᠬᠡ ᠬᠠᠮᠳᠤ ᠪᠠᠷ ᠴᠢᠷᠮᠠᠶᠢᠬᠤ ᠭᠡᠷᠡᠭᠳᠠᠢ ᠬᠡᠵᠤ ᠵᠢᠭᠠᠵᠤ ᠭᠠᠷᠭᠠᠪᠠ᠃    ᠵᠡᠬᠡᠯᠢ ᠲᠠᠭᠠᠤ ᠴᠢᠮᠡᠭᠡ ᠪᠠᠷ ᠬᠦᠷᠤᠯᠴᠡᠨ ᠢᠷᠡᠭᠰᠡᠨ ᠤᠯᠠᠨ ᠲᠦᠮᠡᠨ ᠲᠦᠬᠦᠷᠴᠤ᠂ ᠤᠯᠠᠨ ᠢᠶᠠᠷ ᠢᠶᠠᠨ ︽ᠶᠠᠷᠤᠩᠬᠡᠢ ᠱᠦᠵᠢ ᠰᠠᠶᠢᠨ ᠤᠤ︕︾ ︽ᠶᠠᠷᠤᠩᠬᠡᠢ ᠱᠦᠵᠢ ᠵᠦᠳᠡᠷᠡᠯ᠎ᠠ︕︾ ᠬᠡᠵᠤ ᠪᠠᠶᠠᠷᠯᠠᠯᠳᠤᠨ ᠬᠠᠰᠬᠢᠷᠬᠤ ᠳᠤ᠂ ᠰᠢ ᠶᠢᠨ ᠫᠢᠩ ᠤᠯᠠᠨ ᠤ ᠵᠦᠭ ᠭᠠᠷ ᠲᠠᠯᠠᠯᠤᠨ ᠮᠡᠨᠳᠦᠴᠢᠯᠡᠪᠡ᠃ ᠲᠡᠷᠡ ᠤᠯᠠᠨ ᠳᠤ᠂ ᠴᠤᠤᠵᠸᠤ ᠪᠤᠯ ᠦᠨᠢ ᠤᠳᠠᠭᠠᠨ ᠲᠡᠤᠬᠡ ᠲᠠᠢ᠂ ᠤᠬᠢ ᠰᠤᠳᠤᠨ ᠰᠤᠶᠤᠯ ᠲᠠᠢ᠂ ᠤᠯᠤᠰ ᠤᠨ ᠲᠡᠤᠬᠡ ᠰᠤᠶᠤᠯ ᠤᠨ ᠨᠡᠷᠡᠳᠤ ᠬᠤᠳᠠ ᠪᠤᠯᠤᠨ᠎ᠠ᠂ ᠮᠠᠰᠢ ᠤᠯᠠᠨ ᠬᠦᠮᠤᠰ ᠴᠢᠮᠡᠭᠡ ᠪᠠᠷ ᠬᠦᠷᠤᠯᠴᠠᠨ ᠢᠷᠡᠵᠤ ᠲᠤᠭᠤᠷᠢᠨ ᠦᠵᠡᠵᠤ ᠵᠢᠭᠤᠯᠴᠢᠯᠠᠵᠤ ᠪᠠᠶᠢᠨ᠎ᠠ᠃ ᠲᠡᠤᠬᠡ ᠰᠤᠶᠤᠯ ᠤᠨ ᠦᠨ᠎ᠠ ᠦᠷᠳᠡᠭ ᠲᠠᠢ ᠬᠠᠭᠤᠴᠢᠨ ᠬᠤᠳᠠ ᠶᠢ ᠰᠠᠶᠢᠳᠤᠷ ᠬᠠᠮᠠᠭᠠᠯᠠᠵᠤ᠂ ᠬᠤᠳᠠ ᠶᠢᠨ ᠦᠪᠡᠷᠮᠢᠴᠠ ᠤᠨᠴᠠᠯᠢᠬ ᠢ ᠢᠯᠡᠷᠡᠬᠦᠯᠵᠤ᠂ ᠰᠤᠶᠤᠯ ᠵᠢᠭᠤᠯᠴᠢᠯᠠᠯ ᠤᠨ ᠠᠭᠤᠯᠤᠬᠳᠠᠬᠤᠨ ᠢ ᠴᠢᠩᠭᠠᠳᠬᠠᠵᠤ᠂ ᠬᠦᠮᠤᠰ ᠲᠤ ᠨᠡᠩ ᠤᠯᠠᠨ ᠬᠦᠮᠤᠵᠢᠯ ᠬᠦᠷᠳᠡᠬᠡᠬᠦ ᠭᠡᠷᠡᠭᠳᠠᠢ᠃ 40 ᠭᠠᠷᠤᠢ ᠵᠢᠯ ᠤᠨ ᠡᠮᠤᠨ᠎ᠠ ᠪᠢ ᠴᠤᠤᠵᠸᠤ ᠳᠤ ᠢᠷᠡᠵᠤ ᠦᠩᠬᠡᠷᠡᠭᠰᠡᠨ ᠶᠤᠮ᠂ ᠦᠨᠤᠳᠤᠷ ᠲᠠᠬᠢᠨ ᠠᠳᠡ ᠢᠷᠡᠵᠤ᠂ ᠴᠤᠤᠵᠸᠤ ᠶᠢᠨ ᠴᠡᠴᠡᠭᠯᠡᠯ ᠬᠦᠭᠵᠢᠯ ᠢ ᠬᠠᠷᠠᠭᠠᠳ ᠲᠤᠩ ᠪᠠᠶᠠᠷᠯᠠᠵᠤ ᠪᠠᠶᠢᠨ᠎ᠠ᠃ ᠴᠤᠤᠵᠸᠤ ᠶᠢᠨ ᠦᠷᠬᠡᠨ ᠤᠯᠠᠨ ᠺᠠᠳ᠋ᠷ ᠤᠯᠠᠨ ᠲᠦᠮᠡᠨ ᠠᠵᠠ ᠲᠤᠬᠢᠶᠠᠯ ᠢ ᠠᠮᠵᠢᠵᠤ᠂ ᠠᠰᠢᠬᠳᠠᠢ ᠪᠠᠶᠢᠳᠠᠯ ᠢ ᠠᠰᠢᠬᠯᠠᠨ ᠤᠷᠤᠬᠰᠢᠯᠠᠵᠦ᠂ ᠪᠠᠶ᠎ᠠ ᠪᠠᠷ ᠢᠶᠠᠨ ᠤᠢᠢᠯᠡᠳᠤᠯᠬᠡᠵᠢᠬᠦᠯᠵᠤ᠂ ᠴᠤᠤᠵᠸᠤ ᠶᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠤᠬᠡᠨ ᠪᠠᠶᠢᠭᠤᠯᠬᠤ ᠶᠢ ᠬᠦᠰᠡᠵᠦ ᠪᠠᠶᠢᠨ᠎ᠠ ᠬᠡᠵᠤ ᠬᠡᠯᠡᠪᠡ᠃    ᠫᠠᠢ ᠹᠠᠩ ᠵᠡᠬᠡᠯᠢ ᠠᠴᠠ ᠠᠶᠠᠷᠯᠠᠵᠤ᠂ ᠰᠢ ᠶᠢᠨ ᠫᠢᠩ ᠴᠤᠤᠵᠸᠤ ᠶᠢᠨ ᠰᠠᠨ ᠬᠤᠸᠠᠨ ︵ᠪᠦᠯᠦᠭᠯᠡᠯ︶ ᠬᠢᠵᠠᠭᠠᠷᠳᠤ ᠺᠤᠮᠫᠠᠨᠢ ᠳᠤ ᠪᠠᠶᠢᠴᠠᠭᠠᠨ ᠰᠤᠳᠤᠯᠤᠯᠳᠠ ᠬᠢᠪᠠ᠃ 50 ᠵᠢᠯ ᠤᠨ ᠲᠤᠷᠰᠢ᠂ ᠲᠤᠰ ᠠᠵᠤ ᠠᠬᠤᠢᠢᠯᠠᠯ ᠨᠢ ᠪᠠᠶ᠎ᠠ ᠪᠠᠨ ᠲᠠᠭᠠᠭᠠᠵᠤ ᠰᠢᠨ᠎ᠠ ᠶᠢ ᠡᠬᠦᠳᠬᠦ ᠶᠢ ᠪᠠᠷᠢᠮᠳᠠᠯᠠᠵᠤ᠂ ᠠᠵᠤ ᠤᠢᠢᠯᠡᠰ ᠤᠨ ᠲᠡᠰ ᠲᠡᠪᠰᠢᠯᠳᠡ ᠶᠢ ᠲᠠᠰᠤᠷᠠᠯᠳᠠ ᠦᠬᠡᠢ ᠠᠬᠢᠭᠤᠯᠵᠤ᠂  ᠡᠯᠧᠺᠲᠷᠤᠨ ᠲᠤᠨᠤᠬ᠂ ᠲᠡᠷᠢᠬᠦᠨ ᠤ ᠮᠠᠲ᠋ᠤᠷᠢᠶᠠᠯ ᠢ ᠰᠤᠳᠤᠯᠤᠨ ᠤᠢᠢᠯᠡᠳᠬᠦ ᠪᠠ ᠤᠢᠢᠯᠡᠳᠪᠤᠷᠢᠯᠡᠬᠦ ᠲᠠᠯ᠎ᠠ ᠪᠠᠷ ᠠᠵᠢᠯ ᠲᠦᠷᠤᠯ ᠤᠨ ᠡᠮᠤᠨ᠎ᠠ ᠡᠩᠨᠡᠬᠡᠨ ᠳᠤ ᠶᠠᠪᠤᠵᠤ᠂ ᠵᠠᠷᠢᠮ ᠤᠢᠢᠯᠡᠳᠬᠦᠨ ᠤ ᠪᠤᠷᠤᠯᠠᠭᠤᠯᠭ᠎ᠠ ᠨᠢ ᠪᠦᠬᠦ ᠪᠦᠮᠪᠦᠷᠴᠡᠭ ᠤᠨ ᠡᠮᠤᠨ᠎ᠠ ᠡᠩᠨᠡᠭᠡᠨ ᠳᠤ ᠤᠷᠤᠬᠰᠠᠨ ᠪᠠᠶᠢᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠠᠵᠤ ᠠᠬᠤᠢᠢᠯᠠᠯ ᠤᠨ ᠬᠢᠨ ᠬᠢᠵᠢᠭ ᠤᠨ ᠪᠠᠶᠢᠳᠠᠯ ᠢ ᠴᠢᠩᠭ᠎ᠠ ᠰᠡᠷᠬᠡᠶᠢᠯᠡᠨ ᠡᠵᠡᠮᠳᠡᠬᠦ ᠶᠢ ᠪᠠᠷᠢᠮᠳᠠᠯᠠᠬᠤ ᠶᠢᠨ ᠵᠡᠷᠭᠡ ᠪᠠᠷ᠂ ᠢᠳᠡᠪᠬᠢᠳᠠᠢ ᠪᠠᠷ ᠠᠵᠢᠯ ᠤᠢᠢᠯᠡᠳᠪᠤᠷᠢᠯᠡᠯ ᠢᠶᠠᠨ ᠰᠡᠷᠬᠦᠬᠡᠵᠤ᠂ ᠤᠢᠢᠯᠡᠳᠪᠤᠷᠢᠯᠡᠯ ᠪᠤᠷᠤᠯᠠᠭᠤᠯᠭ᠎ᠠ ᠶᠢᠨ ᠨᠡᠮᠡᠭᠳᠡᠯ ᠢ ᠪᠡᠶᠡᠯᠡᠬᠦᠯᠦᠭᠰᠡᠨ ᠪᠠᠶᠢᠨ᠎ᠠ᠃ ᠺᠤᠮᠫᠠᠨᠢ ᠶᠢᠨ ᠦᠵᠡᠬᠦᠯᠬᠡ ᠶᠢᠨ ᠲᠢᠩᠬᠢᠮ ᠳᠤ᠂ ᠰᠢ ᠶᠢᠨ ᠫᠢᠩ ᠦᠪᠡᠷᠮᠢᠴᠠ ᠤᠨᠴᠠᠯᠢᠬ ᠲᠠᠢ ᠤᠢᠢᠯᠡᠳᠬᠦᠨ ᠤ ᠦᠵᠡᠬᠦᠯᠬᠡ ᠶᠢ ᠪᠠᠶᠢᠴᠠᠭᠠᠨ ᠦᠵᠡᠵᠤ᠂ ᠤᠢᠢᠯᠡᠳᠬᠦᠨ ᠤ ᠭᠡᠷᠡᠭᠯᠡᠭᠡ᠂ ᠮᠡᠷᠬᠡᠵᠢᠯ ᠤᠨ ᠲᠠᠪᠠᠭᠤᠯᠢᠬ᠂ ᠵᠠᠬ᠎ᠠ ᠲᠡᠯᠬᠡᠬᠦᠷ ᠤᠨ ᠪᠤᠷᠤᠯᠠᠭᠤᠯᠭ᠎ᠠ ᠵᠡᠷᠬᠡ ᠪᠠᠶᠢᠳᠠᠯ ᠢ ᠨᠠᠷᠢᠨ ᠠᠰᠠᠭᠤᠪᠠ᠃ ᠲᠡᠷᠡ ᠪᠠᠰᠠ ᠲᠤᠷᠰᠢᠯᠳᠠ ᠶᠢᠨ ᠲᠠᠰᠤᠬ ᠪᠤᠯᠤᠨ ᠤᠢᠢᠯᠡᠳᠪᠤᠷᠢ ᠶᠢᠨ ᠲᠠᠰᠤᠬ ᠲᠤ ᠢᠷᠡᠵᠤ᠂ ᠠᠵᠤ ᠠᠬᠤᠢᠢᠯᠠᠯ ᠤᠨ ᠪᠠᠶ᠎ᠠ ᠪᠠᠨ ᠲᠠᠭᠠᠭᠠᠵᠤ ᠰᠢᠨ᠎ᠠ ᠶᠢ ᠡᠬᠦᠳᠬᠦ᠂ ᠤᠯᠠᠮᠵᠢᠯᠠᠯᠳᠤ ᠤᠢᠢᠯᠡᠳᠬᠦ ᠤᠢᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠠᠬᠢᠭᠤᠯᠬᠤ ᠵᠢᠴᠢ ᠤᠯᠤᠰ ᠤᠨ ᠳᠤᠳᠤᠭᠠᠳᠤ ᠭᠠᠳᠠᠭᠠᠳᠤ ᠶᠢᠨ ᠵᠠᠬ᠎ᠠ ᠲᠡᠯᠬᠡᠬᠦᠷ ᠢ ᠨᠡᠬᠡᠬᠡᠬᠦ ᠵᠡᠷᠬᠡ ᠪᠠᠶᠢᠳᠠᠯ ᠢ ᠤᠢᠢᠯᠠᠭᠠᠪᠠ᠃ ᠰᠢ ᠶᠢᠨ ᠫᠢᠩ᠂ ᠪᠠᠶ᠎ᠠ ᠪᠠᠨ ᠲᠠᠭᠠᠭᠠᠵᠤ ᠰᠢᠨ᠎ᠠ ᠶᠢ ᠡᠬᠦᠳᠬᠦ ᠪᠤᠯ ᠠᠵᠤ ᠠᠬᠤᠢᠢᠯᠠᠯ ᠤᠨ ᠭᠤᠤᠯᠯᠠᠬᠤ ᠦᠷᠢᠰᠤᠯᠳᠤᠬᠦ ᠬᠦᠴᠤᠨ ᠢ ᠴᠢᠩᠭᠠᠳᠬᠠᠬᠤ᠂ ᠠᠵᠤ ᠠᠬᠤᠢᠢᠯᠠᠯ ᠤᠨ ᠴᠢᠨᠠᠷ ᠰᠠᠶᠢᠳᠠᠢ ᠬᠦᠭᠵᠢᠯᠳᠠ ᠶᠢ ᠪᠡᠶᠡᠯᠡᠬᠦᠯᠬᠦ ᠶᠢᠨ ᠵᠠᠶᠢᠯᠠᠰᠢ ᠦᠭᠡᠢ ᠵᠠᠮ ᠪᠤᠯᠤᠨ᠎ᠠ᠃ ᠲᠠ ᠨᠠᠷ ᠤᠯᠤᠰ ᠤᠨ ᠳᠤᠳᠤᠭᠠᠳᠤ ᠶᠢᠨ ᠲᠤᠳᠠᠭᠤᠳᠠᠯ ᠤᠢᠢᠯᠡᠳᠬᠦᠨ ᠳᠤ ᠠᠩᠬᠠᠷᠤᠯ ᠢᠶᠠᠨ ᠲᠦᠪᠯᠡᠷᠡᠬᠦᠯᠵᠤ᠂ ᠪᠠᠶ᠎ᠠ ᠪᠠᠨ ᠲᠠᠭᠠᠭᠠᠵᠤ ᠰᠤᠳᠤᠯᠤᠨ ᠤᠢᠢᠯᠡᠳᠬᠦ ᠲᠠᠯ᠎ᠠ ᠪᠠᠷ ᠬᠤᠪᠢ ᠲᠠᠬᠢᠨ ᠴᠢᠷᠮᠠᠶᠢᠵᠤ᠂ ᠨᠡᠩ ᠤᠯᠠᠨ ᠭᠤᠤᠯᠯᠠᠬᠤ ᠮᠡᠷᠬᠡᠵᠢᠯ᠂ ᠬᠤᠰᠢᠭᠤᠷᠠᠯ ᠮᠡᠷᠬᠡᠵᠢᠯ ᠢ ᠡᠵᠡᠮᠰᠢᠵᠤ᠂ ᠠᠵᠤ ᠠᠬᠤᠢᠢᠯᠠᠯ ᠤᠨ ᠦᠷᠢᠰᠤᠯᠳᠤᠬᠦ ᠬᠦᠴᠤᠨ ᠪᠤᠯᠤᠨ ᠬᠦᠭᠵᠢᠯᠳᠠ ᠶᠢᠨ ᠴᠢᠳᠠᠪᠤᠷᠢ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠲᠡᠯᠡᠬᠡᠢ ᠵᠢᠷᠳᠢᠨᠴᠦ ᠶᠢᠨ ᠵᠠᠭᠤᠨ ᠵᠢᠯ ᠳᠤ ᠲᠤᠬᠢᠶᠠᠯᠳᠤᠭ᠎ᠠ ᠦᠬᠡᠢ ᠶᠡᠭᠡ ᠬᠤᠪᠢᠰᠤᠯᠳᠠ ᠶᠢᠨ ᠡᠮᠦᠨ᠎ᠠ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠦᠭᠵᠢᠯᠳᠠ ᠶᠢᠨ ᠤᠷᠴᠢᠨ ᠪᠠᠶᠢᠳᠠᠯ ᠳᠤ ᠭᠠᠷᠤᠬᠰᠠᠨ ᠬᠦᠨᠵᠡᠬᠡᠢ ᠪᠤᠳᠤᠯᠢᠶᠠᠨᠳᠠᠢ ᠬᠤᠪᠢᠷᠠᠯᠳᠠ ᠶᠢᠨ ᠡᠮᠦᠨ᠎ᠠ᠂ ᠪᠢᠳᠠ ᠨᠡᠩ ᠦᠨᠳᠤᠷ ᠲᠦᠪᠰᠢᠨ ᠲᠠᠢ ᠦᠪᠡᠷ ᠤᠨ ᠬᠦᠴᠤ ᠪᠠᠷ ᠢᠶᠠᠨ ᠲᠡᠭᠵᠢᠷᠡᠬᠦ ᠵᠠᠮ ᠢᠶᠠᠷ ᠵᠠᠮᠨᠠᠵᠤ᠂ ᠨᠡᠩ ᠦᠨᠳᠤᠷ ᠲᠦᠪᠰᠢᠨ ᠲᠠᠢ ᠦᠬᠡᠷᠡᠴᠢᠯᠠᠯᠳᠠ ᠨᠡᠬᠡᠬᠡᠯᠳᠠ ᠶᠢ ᠭᠡᠷᠡᠭᠵᠢᠬᠦᠯᠵᠤ᠂ ᠤᠯᠤᠰ ᠤᠨ ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠬᠴᠠ ᠪᠤᠯᠭᠠᠬᠰᠠᠨ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠬᠠᠷᠢᠯᠴᠠᠨ ᠠᠬᠢᠭᠤᠯᠤᠬᠰᠠ ᠰᠢᠨ᠎ᠠ ᠬᠦᠭᠵᠢᠯᠳᠠ ᠶᠢᠨ ᠪᠠᠶᠢᠷᠢᠰᠢᠯ ᠢ ᠲᠦᠷᠬᠡᠨ ᠪᠠᠶᠢᠭᠤᠯᠬᠤ ᠭᠡᠷᠡᠭᠳᠠᠢ᠃ ᠤᠯᠠᠨ ᠢᠶᠠᠷ ᠢᠶᠠᠨ ᠨᠠᠮ ᠤᠨ ᠲᠦᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠵᠤᠷᠢᠯᠳᠠ ᠶᠢ ᠬᠦᠨᠵᠡᠬᠡᠢ ᠤᠢᠢᠯᠠᠭᠠᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠭᠤᠤᠯ ᠲᠠᠶᠢᠯᠠᠯᠳᠤᠭᠠᠨ ᠤ ᠲᠠᠯᠠᠪᠤᠷ ᠲᠤ ᠦᠪᠡᠷ ᠤᠨ ᠪᠠᠶᠢᠷᠢ ᠲᠤᠭᠳᠠᠭᠠᠯᠳᠠ ᠪᠠᠨ ᠤᠨᠤᠴᠠᠳᠠᠢ ᠰᠤᠩᠭᠤᠵᠤ᠂ ᠠᠵᠤ ᠠᠬᠤᠢᠢᠯᠠᠯᠳᠠᠨ ᠤ ᠵᠤᠷᠢᠬ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠢᠢᠯᠠᠯ ᠤᠨ ᠬᠦᠭᠵᠢᠯᠳᠠ ᠰᠢᠨ᠎ᠠ ᠲᠡᠭᠳᠡᠷ ᠲᠤ ᠭᠠᠷᠬᠤ ᠶᠢ ᠠᠬᠢᠭᠤᠯᠵᠤ᠂ ᠤᠯᠤᠰ ᠬᠦᠷᠤᠨ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃    13 ᠤ ᠦᠳᠡ ᠶᠢᠨ ᠬᠤᠶᠢᠨ᠎ᠠ᠂ ᠰᠢ ᠶᠢᠨ ᠫᠢᠩ ᠱᠠᠨᠲᠸᠤ ᠬᠤᠳᠠ ᠶᠢᠨ ᠪᠠᠭ᠎ᠠ ᠴᠡᠴᠡᠷᠯᠢᠭ ᠤᠨ ᠭᠠᠳᠠᠭᠠᠳᠦ ᠠᠷᠠᠯᠵᠢᠶᠠᠨ ᠤ ᠬᠤᠳᠠ ᠳᠤ ᠰᠢᠨᠵᠢᠯᠡᠨ ᠪᠠᠶᠢᠴᠠᠭᠠᠪᠠ᠃ ᠱᠠᠨᠳ᠋ᠸᠤ ᠬᠤᠳᠠ 1986 ᠤᠨ ᠳᠤ ᠭᠠᠳᠠᠭᠠᠳᠤ ᠠᠷᠠᠯᠵᠢᠶᠠᠨ ᠤ ᠬᠤᠳᠠ ᠪᠠᠶᠢᠭᠤᠯᠤᠬᠰᠠᠨ ᠠᠴᠠ ᠨᠠᠭᠠᠰᠢ᠂ ᠬᠦᠴᠦᠷᠭᠡᠭ ᠤᠯᠤᠰ ᠤᠳ ᠤᠨ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠭᠤᠳᠤᠮᠰᠢᠬᠳᠤ ᠲᠡᠤᠬᠡ ᠶᠢ ᠬᠡᠷᠡᠴᠢᠯᠠᠵᠤ᠂ ᠮᠦᠨᠴᠤ ᠦᠬᠡᠷᠡᠴᠢᠯᠠᠯᠳᠠ ᠨᠡᠬᠡᠬᠡᠯᠳᠠ ᠬᠢᠭᠰᠡᠨ ᠠᠴᠠ ᠨᠠᠭᠠᠰᠢᠬᠢ ᠠᠵᠤ ᠠᠬᠤᠢ ᠶᠢᠨ ᠤᠨᠴᠠᠭᠠᠢ ᠤᠷᠤᠨ ᠤ ᠬᠦᠭᠵᠢᠯᠳᠠ ᠶᠢᠨ ᠦᠩᠬᠡᠷᠡᠯᠳᠠ ᠶᠢ ᠭᠡᠷᠡᠴᠢᠯᠡᠪᠡ᠃ ᠰᠢ ᠶᠢᠨ ᠫᠢᠩ ᠱᠠᠨᠲᠸᠤ ᠶᠢᠨ ᠭᠠᠳᠠᠭᠠᠳᠤ ᠠᠷᠠᠯᠵᠢᠶᠠᠨ ᠤ ᠬᠤᠳᠠ ᠶᠢᠨ ᠰᠤᠶᠤᠯ ᠤᠨ ᠲᠡᠯᠬᠡᠨ ᠦᠵᠡᠬᠦᠯᠬᠦ ᠤᠷᠳᠤᠨ ᠳᠤ ᠢᠷᠡᠵᠤ᠂ ᠱᠠᠨᠲᠸᠤ ᠶᠢᠨ ᠨᠡᠬᠡᠬᠡᠯᠳᠠ ᠶᠢᠨ ᠲᠡᠤᠬᠡ ᠪᠤᠯᠤᠨ ᠠᠵᠤ ᠠᠬᠤᠢ ᠶᠢᠨ ᠤᠨᠴᠠᠭᠠᠢ ᠤᠷᠤᠨ ᠤ ᠬᠦᠭᠵᠢᠯᠳᠠ ᠶᠢᠨ ᠠᠮᠵᠢᠯᠳᠠ ᠪᠦᠳᠤᠮᠵᠢ ᠶᠢ ᠤᠢᠢᠯᠠᠭᠠᠵᠤ᠂ ᠱᠠᠨᠲᠸᠤ ᠬᠤᠳᠠ ᠶᠢᠨ ᠲᠠᠷᠠᠭᠠᠴᠢ ᠶᠢᠨ ᠠᠯᠬᠤᠮ ᠤᠨ ᠬᠦᠭᠵᠢᠯᠳᠠ ᠶᠢᠨ ᠲᠦᠯᠤᠪᠵᠢᠬᠦᠯᠬᠡ ᠶᠢᠨ ᠬᠠᠷᠢᠭᠤ ᠮᠡᠳᠡᠬᠦᠯᠤᠯᠳᠠ ᠶᠢ ᠰᠤᠨᠤᠰᠪᠠ᠃ ᠰᠢ ᠶᠢᠨ ᠫᠢᠩ᠂ ᠱᠠᠨᠲᠸᠤ ᠶᠢᠨ ᠠᠵᠤ ᠠᠬᠤᠢ ᠶᠢᠨ ᠤᠨᠴᠠᠭᠠᠢ ᠤᠷᠤᠨ ᠪᠤᠯ ᠦᠭᠡᠷᠡᠴᠢᠯᠡᠯᠳᠠ ᠨᠡᠭᠡᠭᠡᠯᠳᠠ ᠬᠢᠭᠰᠡᠨ ᠤ ᠲᠠᠷᠠᠭ᠎ᠠ ᠬᠠᠮᠤᠭ ᠤᠨ ᠡᠷᠳᠡ ᠪᠠᠶᠢᠭᠤᠯᠤᠬᠳᠠᠬᠰᠡᠨ ᠠᠵᠤ ᠠᠬᠤᠢ ᠶᠢᠨ ᠤᠨᠴᠠᠭᠠᠢ ᠤᠷᠤᠨ ᠤ ᠨᠢᠭᠡ ᠪᠤᠯᠤᠨ᠎ᠡ᠃ ᠰᠢᠨ᠎ᠡ ᠴᠠᠭ ᠦᠶ᠎ᠡ ᠶᠢᠨ ᠦᠭᠡᠷᠡᠴᠢᠯᠡᠯᠳᠠ ᠨᠡᠭᠡᠭᠡᠯᠳᠠ ᠶᠢᠨ ᠠᠭᠤᠯᠤᠬᠳᠠᠬᠤᠨ᠂ ᠨᠦᠬᠦᠴᠡᠯ᠂ ᠱᠠᠭᠠᠷᠳᠠᠯᠭ᠎ᠠ ᠦᠡᠭᠭᠡᠷᠡᠭᠰᠡᠨ ᠲᠠᠢ ᠬᠠᠷᠢᠴᠠᠭᠤᠯᠪᠡᠯ ᠮᠠᠰᠢ ᠤᠨᠳᠤᠤ ᠪᠤᠯᠪᠠ᠃ ᠱᠠᠨᠲᠸᠤ ᠶᠢᠨ ᠬᠢᠨ ᠬᠦᠨᠵᠡᠭᠡᠢ ᠪᠠᠶᠢᠴᠠᠭᠠᠨ ᠰᠤᠳᠤᠯᠤᠯᠳᠠ ᠬᠢᠵᠤ᠂ ᠨᠠᠷᠢᠨ ᠬᠢᠨᠠᠮᠠᠭᠠᠢ ᠰᠡᠳᠬᠢᠨ ᠪᠤᠳᠤᠯᠬᠢᠯᠠᠵᠤ ᠲᠦᠯᠦᠪᠵᠢᠬᠦᠯᠤᠨ᠂ ᠦᠨᠡᠨ ᠬᠦ ᠠᠰᠠᠭᠤᠳᠠᠯ ᠢ ᠰᠢᠢᠳᠪᠤᠷᠢᠯᠡᠬᠦ ᠰᠡᠳᠬᠢᠴᠠ ᠪᠠ ᠠᠷᠭ᠎ᠠ ᠬᠡᠮᠵᠢᠶ᠎ᠡ ᠶᠢ ᠲᠤᠬᠳᠠᠭᠠᠵᠤ᠂ ᠵᠠᠮ ᠨᠢ ᠵᠦᠪ ᠪᠤᠯᠪᠡᠯ᠂ ᠠᠮᠵᠢᠯᠳᠠ ᠠᠨᠤ ᠭᠠᠭᠴᠠ ᠮᠢᠨᠤ ᠭᠠᠪᠢᠶ᠎ᠡ ᠪᠤᠰᠤ ᠭᠡᠬᠦ ᠠᠬᠤᠢ ᠪᠠᠶᠢᠳᠠᠯ ᠢᠶᠠᠷ᠂ ᠤᠳᠠᠭᠠᠨ ᠲᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠰᠡᠵᠤ ᠪᠠᠶᠢᠨ᠎ᠡ᠃ ᠭᠤᠸᠠᠩᠳᠦ᠋ᠩ ᠰᠢᠶᠠᠩᠭᠠᠩ ᠤᠤᠮᠸᠠ ᠤ ᠲᠤᠮᠤ ᠪᠤᠯᠤᠩ ᠤᠨ ᠤᠷᠤᠨ ᠤ ᠪᠦᠳᠦᠭᠡᠨ ᠪᠠᠶᠢᠭᠤᠯᠤᠯᠳᠠ᠂ ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠵᠡᠷᠭᠡ ᠴᠢᠬᠤᠯᠠ ᠶᠡᠭᠡ ᠠᠵᠠ ᠲᠤᠬᠢᠶᠠᠯ ᠢ ᠬᠦᠢᠴᠡᠳ ᠠᠰᠢᠬᠯᠠᠵᠤ᠂ ᠪᠠᠶᠢᠷᠢ ᠲᠤᠬᠳᠠᠭᠠᠯᠳᠠ ᠪᠠᠨ ᠲᠤᠳᠤᠷᠬᠠᠢ ᠡᠷᠢᠵᠤ᠂ ᠰᠠᠶᠢᠨ ᠢᠶᠠᠨ ᠮᠠᠨᠳᠤᠭᠤᠯᠤᠨ ᠰᠠᠭᠠᠷᠠᠤ ᠪᠠᠨ ᠲᠡᠪᠴᠢᠨ᠂ ᠨᠡᠩ ᠶᠡᠭᠡ ᠰᠦᠰᠤ ᠵᠤᠷᠢᠭ᠂ ᠨᠡᠩ ᠦᠨᠳᠤᠷ ᠭᠠᠷᠤᠭ᠎ᠠ ᠠᠴᠠ ᠦᠭᠡᠷᠡᠴᠢᠯᠡᠯᠳᠠ ᠨᠡᠭᠡᠭᠡᠯᠳᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠤᠨᠴᠠᠭᠠᠢ ᠤᠷᠤᠨ ᠤ ᠪᠦᠳᠦᠭᠡᠨ ᠪᠠᠶᠢᠭᠤᠯᠤᠯᠳᠠ ᠶᠢᠨ ᠲᠤᠮᠳᠠ ᠬᠦᠭᠡᠭᠡᠵᠤ ᠬᠦᠢᠴᠡᠬᠦ ᠪᠠᠷ ᠬᠦᠴᠦᠯᠡᠨ ᠴᠢᠷᠮᠠᠶᠢᠬᠤ ᠭᠡᠷᠡᠭᠳᠠᠢ ᠭᠡᠵᠤ ᠵᠢᠭᠠᠵᠤ ᠭᠠᠷᠭᠠᠪᠠ᠃    ᠲᠠᠷᠠᠭ᠎ᠠ ᠨᠢ᠂ ᠰᠢ ᠶᠢᠨ ᠫᠢᠩ ᠴᠤᠤᠱᠠᠨ ᠤ ᠬᠠᠷᠢᠶᠠᠳᠤ ᠶᠢᠨ ᠨᠤᠳᠤᠭ ᠤᠨ ᠤᠨᠴᠠᠯᠢᠬᠳᠤ ᠬᠠᠷᠢᠶᠠᠳᠤ ᠨᠠᠷ ᠤᠨ ᠵᠠᠬᠢᠳᠡᠯ ᠤᠨ ᠲᠡᠤᠭᠡ ᠶᠢᠨ ᠲᠤᠷᠠᠰᠬᠠᠯᠳᠤ ᠵᠦᠢᠯ ᠤᠨ ᠤᠷᠳᠤᠨ ᠢᠶᠠᠷ ᠲᠤᠭᠤᠷᠢᠨ ᠦᠵᠡᠪᠡ᠃ ᠦᠡᠭᠭᠡᠷᠡᠭᠰᠡᠨ ᠨᠡᠯᠢᠶᠡᠳ ᠤᠷᠳᠤ ᠬᠤᠭᠤᠴᠠᠭᠠᠨ ᠳᠤ᠂ ᠭᠠᠳᠠᠭᠠᠳᠤ ᠳᠤ ᠰᠠᠭᠤᠭ᠎ᠠ ᠲᠤᠮᠳᠠᠳᠤ ᠶᠢᠨ ᠬᠠᠷᠢᠶᠠᠳᠤ ᠨᠠᠷ ᠠᠷᠠᠳ ᠤᠨ ᠲᠤᠮᠳᠠᠬᠢ ᠠᠷᠭ᠎ᠠ ᠵᠠᠮ ᠢᠶᠠᠷ ᠲᠠᠮᠵᠢᠭᠤᠯᠤᠨ ᠭᠡᠷ ᠤᠨ ᠵᠠᠬᠢᠳᠠᠯ ᠪᠤᠶᠤ ᠲᠦᠬᠦᠮ ᠦᠭᠡ ᠲᠠᠭᠠᠯᠳᠤᠭᠤᠯᠤᠬᠰᠡᠨ ᠵᠤᠭᠤᠰ ᠭᠤᠪᠢᠭᠤᠯᠬᠤ ᠭᠡᠷᠡᠴᠢ ᠪᠠᠷᠢᠮᠳᠠ ᠪᠠᠨ ᠤᠯᠤᠰ ᠤᠨ ᠲᠤᠳᠤᠭᠠᠳᠤ ᠳᠤ ᠭᠤᠪᠢᠭᠤᠯᠤᠨ ᠢᠷᠡᠬᠦᠯᠳᠡᠭ ᠪᠠᠶᠢᠪᠠ᠂ ᠡᠳᠡᠭᠡᠷ ︽ᠬᠠᠷᠢᠶᠠᠳᠤ ᠨᠠᠷ ᠤᠨ ᠵᠠᠬᠢᠳᠠᠯ︾ ᠨᠢ ᠤᠢᠢᠷ᠎ᠡ ᠦᠶ᠎ᠡ ᠶᠢᠨ ᠭᠠᠳᠠᠭᠠᠳᠤ ᠳᠤ ᠰᠠᠭᠤᠭ᠎ᠠ ᠬᠠᠷᠢᠶᠠᠳᠤ ᠨᠠᠷ ᠤᠨ ᠲᠡᠤᠭᠡ ᠶᠢ ᠰᠤᠳᠤᠯᠬᠤ ᠬᠤᠪᠤᠷ ᠨᠠᠨᠳᠢᠨ ᠲᠠᠩᠰᠠ ᠡᠪᠬᠡᠮᠡᠯ ᠪᠤᠯᠪᠠ᠃ ᠰᠢ ᠶᠢᠨ ᠫᠢᠩ ᠬᠠᠷᠢᠶᠠᠳᠤ ᠨᠠᠷ ᠤᠨ ᠵᠠᠬᠢᠳᠠᠯ ᠤᠨ ᠲᠡᠤᠭᠡ ᠪᠠ ᠴᠤᠤᠱᠠᠨ ᠤ ᠲᠤᠮᠳᠠᠳᠤ ᠶᠢᠨ ᠬᠠᠷᠢᠶᠠᠳᠤ ᠨᠠᠷ ᠤᠨ ᠰᠤᠶᠤᠯ ᠤᠨ ᠲᠠᠨᠢᠯᠴᠠᠭᠤᠯᠭ᠎ᠠ ᠶᠢ ᠰᠤᠨᠤᠰᠪᠠ᠃ ᠲᠡᠷᠡ᠂ ︽ᠬᠠᠷᠢᠶᠠᠳᠤ ᠨᠠᠷ ᠤᠨ ᠵᠠᠬᠢᠳᠠᠯ︾ ᠳᠤ ᠠᠬᠠᠮᠠᠳ ᠨᠢᠭᠡ ᠦᠶ᠎ᠡ ᠶᠢᠨ ᠭᠠᠳᠠᠭᠠᠳᠤ ᠳᠤ ᠰᠠᠭᠤᠭ᠎ᠠ ᠲᠤᠮᠳᠠᠳᠤ ᠶᠢᠨ ᠬᠠᠷᠢᠶᠠᠳᠤ ᠠᠬ᠎ᠠ ᠲᠡᠬᠦᠤ ᠨᠠᠷ ᠤᠨ ᠬᠠᠳᠠᠭᠤᠵᠢᠯᠳᠠᠢ ᠦᠢᠯᠡᠰ ᠪᠤᠰᠬᠠᠬᠰᠡᠨ ᠲᠡᠤᠭᠡ ᠪᠠ ᠬᠦᠨ ᠵᠤᠵᠠᠭᠠᠨ ᠤᠯᠤᠰ ᠭᠡᠷ ᠤᠨ ᠬᠠᠶᠢᠷ᠎ᠡ ᠰᠡᠳᠬᠢᠯᠭᠡ ᠶᠢ ᠲᠠᠮᠳᠡᠭᠯᠡᠵᠦ ᠪᠠᠶᠢᠭ᠎ᠠ ᠶᠤᠮ᠂ ᠡᠨᠡ ᠨᠢ ᠪᠠᠰᠠ ᠲᠤᠮᠳᠠᠳᠤ ᠶᠢᠨ ᠦᠨᠳᠤᠰᠤᠳᠡᠨ ᠤ ᠢᠳᠡᠭᠡᠯ ᠬᠦᠨᠳᠤ ᠶᠢ ᠡᠷᠬᠢᠮᠯᠡᠬᠦ᠂ ᠠᠮᠠᠯᠠᠯᠳᠠ ᠪᠠᠨ ᠰᠠᠬᠢᠬᠤ ᠴᠢᠬᠤᠯᠠ ᠢᠯᠡᠷᠡᠯ ᠪᠤᠯᠤᠨ᠎ᠡ᠃ ᠡᠳᠡᠭᠡᠷ ︽ᠬᠠᠷᠢᠶᠠᠳᠤ ᠨᠠᠷ ᠤᠨ ᠵᠠᠬᠢᠳᠠᠯ︾ ᠤᠨ ᠲᠡᠤᠭᠡ ᠶᠢᠨ ᠲᠤᠷᠠᠰᠬᠠᠯᠳᠤ ᠵᠦᠢᠯ ᠢ ᠰᠠᠶᠢᠳᠤᠷ ᠬᠠᠮᠠᠭᠠᠯᠠᠵᠤ᠂ ᠰᠤᠳᠤᠯᠭᠠᠨ ᠢᠶᠠᠨ ᠴᠢᠩᠭᠠᠳᠬᠠᠨ᠂ ᠬᠦᠮᠦᠰ ᠢ ᠬᠦᠮᠦᠵᠢᠬᠦᠯᠤᠨ ᠬᠦᠳᠤᠯᠤᠨ ᠵᠢᠯᠤᠭᠤᠳᠴᠤ ᠤᠢᠢᠷ᠎ᠡ ᠦᠶ᠎ᠡ ᠶᠢᠨ ᠮᠠᠨ ᠤ ᠤᠯᠤᠰ ᠤᠨ ᠦᠡᠭᠭᠡᠷᠡᠬᠦᠯᠦᠭᠰᠡᠨ ᠭᠤᠳᠤᠮᠰᠢᠬᠳᠤ ᠲᠡᠤᠭᠡ ᠪᠠ ᠠᠬᠠᠮᠡᠳ ᠨᠢᠭᠡ ᠦᠶ᠎ᠡ ᠶᠢᠨ ᠬᠠᠷᠢᠶᠠᠳᠤ ᠠᠬ᠎ᠠ ᠲᠡᠬᠦᠤ ᠨᠠᠷ ᠤᠨ ᠬᠠᠳᠠᠭᠤᠵᠢᠯᠳᠠᠢ ᠦᠢᠯᠡᠰ ᠪᠤᠰᠬᠠᠬᠰᠡᠨ ᠲᠡᠤᠭᠡ ᠶᠢ ᠦᠯᠤ ᠮᠡᠷᠳᠡᠬᠤ ᠶᠢᠨ ᠬᠠᠮᠳᠦ ᠪᠦᠬᠦ ᠨᠡᠶᠢᠭᠡᠮ ᠤᠨ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ ᠶᠢ ᠠᠬᠢᠭᠤᠯᠬᠤ ᠭᠡᠷᠡᠭᠳᠠᠢ᠃ ᠴᠤᠤᠱᠠᠨ ᠤᠷᠤᠨ ᠪᠤᠯ ᠮᠠᠨ ᠤ ᠤᠯᠤᠰ ᠤᠨ ᠠᠯᠳᠠᠷᠳᠠᠢ ᠬᠠᠷᠢᠶᠠᠳᠤ ᠨᠠᠷ ᠤᠨ ᠨᠤᠳᠤᠭ ᠪᠤᠯᠤᠨ᠎ᠡ᠃ ᠱᠠᠨᠲᠸᠤ ᠶᠢᠨ ᠠᠵᠤ ᠠᠬᠤᠢ ᠶᠢᠨ ᠤᠨᠴᠠᠭᠠᠢ ᠤᠷᠤᠨ ᠰᠢᠨ᠎ᠡ ᠪᠤᠳᠠᠳᠤ ᠪᠠᠶᠢᠳᠠᠯ ᠢᠶᠠᠨ ᠦᠨᠳᠤᠰᠤᠯᠡᠵᠤ ︽ᠬᠠᠷᠢᠶᠠᠳᠤ ᠨᠠᠷ︾ ᠤᠨ ᠠᠵᠢᠯ ᠢ ᠰᠠᠶᠢᠳᠤᠷ ᠬᠢᠵᠤ᠂ ᠭᠠᠳᠠᠭᠠᠳᠤ ᠳᠤ ᠰᠠᠭᠤᠭ᠎ᠠ ᠲᠤᠮᠳᠠᠳᠤ ᠶᠢᠨ ᠬᠠᠷᠢᠶᠠᠳᠤ ᠨᠠᠷ ᠤᠨ ᠠᠵᠢᠯ ᠢ ᠴᠢᠩᠭᠠᠳᠬᠠᠵᠤ᠂ ᠲᠡᠳᠡᠨ ᠢ ᠬᠦᠳᠤᠯᠤᠨ ᠲᠠᠭᠠᠭᠤᠯᠬᠤ ᠪᠠ ᠤᠷᠮᠠᠰᠢᠭᠤᠯᠤᠨ ᠵᠤᠷᠢᠬᠵᠢᠭᠤᠯᠵᠤ ᠡᠭᠡ ᠤᠯᠤᠰ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠲᠠᠮᠵᠢᠬᠦ ᠪᠠ ᠲᠡᠭᠦᠨ ᠳᠤ ᠤᠷᠤᠯᠴᠠᠭᠤᠯᠵᠤ᠂ ᠲᠤᠮᠳᠠᠳᠤ ᠶᠢᠨ ᠦᠨᠳᠤᠰᠤᠳᠡᠨ ᠤ ᠰᠤᠶᠤᠯ ᠢ ᠪᠠᠳᠠᠷᠠᠭᠤᠯᠤᠨ᠂ ᠡᠭᠡ ᠤᠯᠤᠰ ᠤᠨ ᠡᠩᠭᠡ ᠲᠠᠶᠢᠪᠤᠩ ᠨᠢᠭᠡᠳᠤᠯ ᠢ ᠠᠬᠢᠭᠤᠯᠵᠤ᠂ ᠲᠤᠮᠳᠠᠳᠤ ᠭᠠᠳᠠᠭᠠᠳᠤ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠨᠢᠬᠳᠠᠷᠠᠭᠤᠯᠬᠤ ᠵᠡᠷᠭᠡ ᠲᠠᠯ᠎ᠡ ᠪᠠᠷ ᠨᠡᠩ ᠶᠡᠭᠡ ᠦᠢᠯᠡᠳᠤᠯ ᠪᠠᠳᠠᠷᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃    ᠱᠠᠨᠲᠸᠤ ᠶᠢᠨ ᠪᠠᠭ᠎ᠠ ᠴᠡᠴᠡᠷᠯᠢᠭ ᠤᠨ ᠭᠠᠳᠠᠭᠠᠳᠤ ᠠᠷᠠᠯᠵᠢᠶᠠᠨ ᠤ ᠬᠤᠳᠠ ᠪᠤᠯ ᠤᠳᠤᠬᠠᠨ ᠤ ᠮᠠᠨ ᠤ ᠤᠯᠤᠰ ᠤᠨ ᠬᠠᠮᠤᠭ ᠤᠨ ᠪᠦᠷᠢᠨ ᠪᠦᠳᠦᠨ ᠬᠠᠳᠠᠭᠠᠯᠠᠬᠳᠠᠵᠤ ᠪᠠᠶᠢᠭ᠎ᠠ ᠭᠠᠳᠠᠭᠠᠳᠤ ᠠᠷᠠᠯᠵᠢᠶᠠᠨ ᠤ ᠬᠤᠳᠠ ᠶᠢᠨ ᠨᠢᠭᠡ ᠪᠤᠯᠤᠨ᠎ᠡ᠃ ᠴᠠᠭᠠᠷᠢᠭ ᠬᠡᠯᠪᠡᠷᠢ ᠰᠡᠴᠤᠷᠠᠭ ᠬᠡᠯᠪᠡᠷᠢᠳᠤ ᠪᠠᠶᠢᠷᠢᠰᠢᠯ ᠲᠠᠢ ᠵᠡᠭᠡᠯᠢ ᠲᠡᠭᠡᠷ᠎ᠡ᠂ ᠶᠡᠭᠡ ᠬᠡᠮᠵᠢᠶᠠᠨ ᠤ ᠵᠠᠳᠠᠭᠠᠢ ᠠᠰᠠᠷ ᠢ ᠪᠠᠶᠢᠭᠤᠯᠪᠠ᠃ ᠰᠢ ᠶᠢᠨ ᠫᠢᠩ ᠵᠠᠭᠡᠯᠢ ᠶᠢᠨ ᠦᠵᠡᠮᠵᠢ ᠶᠢ ᠲᠤᠭᠤᠷᠢᠨ ᠦᠵᠡᠵᠤ᠂ ᠲᠤᠬᠠᠢ ᠶᠢᠨ ᠭᠠᠵᠠᠷ ᠤᠨ ᠭᠠᠳᠠᠭᠠᠳᠤ ᠠᠷᠠᠯᠵᠢᠶᠠᠨ ᠤ ᠬᠤᠳᠠ ᠶᠢ ᠵᠠᠰᠠᠨ ᠰᠡᠷᠬᠦᠭᠡᠵᠦ ᠦᠭᠡᠷᠡᠴᠢᠯᠡᠨ ᠰᠢᠨᠡᠳᠭᠡᠬᠦ ᠠᠵᠢᠯ ᠢ ᠦᠷᠨᠢᠬᠦᠯᠵᠤ ᠪᠠᠶᠢᠭ᠎ᠠ᠂ ᠲᠡᠤᠭᠡ ᠰᠤᠶᠤᠯ ᠤᠨ ᠵᠠᠭᠡᠯᠢ ᠶᠢ ᠬᠠᠮᠠᠭᠠᠯᠠᠵᠤ ᠬᠦᠭᠵᠢᠭᠡᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠰᠢ ᠶᠢᠨ ᠫᠢᠩ᠂ ᠤᠳᠤ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠠ ᠮᠠᠰᠢ ᠲᠦᠷᠭᠡᠨ ᠪᠤᠯᠵᠦ᠂ ᠬᠤᠳᠠ ᠶᠢᠨ ᠪᠦᠳᠦᠭᠡᠨ ᠪᠠᠶᠢᠭᠤᠯᠤᠯᠳᠠ ᠡᠳᠦᠷ ᠠᠴᠠ ᠡᠳᠤᠷ ᠰᠢᠨᠡᠳᠤᠨ ᠬᠤᠪᠢᠷᠠᠵᠤ ᠪᠠᠶᠢᠨ᠎ᠡ᠃ ᠢᠢᠮᠤ ᠪᠤᠯᠬᠤ ᠲᠤᠳᠤᠮ ᠲᠡᠤᠭᠡ ᠰᠤᠶᠤᠯ ᠤᠨ ᠵᠡᠭᠡᠯᠢ ᠲᠤᠭᠤᠷᠢᠭ ᠢ ᠬᠠᠮᠠᠭᠠᠯᠠᠬᠤ ᠠᠵᠢᠯ ᠢ ᠤᠯᠠᠮ ᠴᠢᠩᠭᠠᠳᠬᠠᠬᠤ ᠭᠡᠷᠡᠭᠳᠠᠢ᠂ ᠬᠠᠮᠠᠭᠠᠯᠠᠯᠳᠠ ᠪᠠᠨ ᠴᠢᠩᠭᠠᠳᠬᠠᠬᠰᠡᠨ ᠤᠷᠢᠳᠠᠯ ᠲᠤᠤᠷ᠎ᠡ ᠬᠤᠳᠠ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠦᠷᠨᠢᠬᠦᠯᠵᠤ᠂ ᠤᠳᠤ ᠦᠶ᠎ᠡ ᠶᠢᠨ ᠠᠮᠢᠳᠤᠷᠠᠯ ᠤᠨ ᠠᠭᠤᠷ ᠠᠮᠢᠰᠬᠤᠯ ᠲᠠᠢ ᠤᠷᠭᠠᠨᠢᠭ ᠢᠶᠠᠷ ᠠᠭᠤᠰᠤᠯᠴᠠᠨ᠂ ᠡᠷᠳᠡᠨ ᠤ ᠬᠤᠳᠠ ᠶᠢᠨ ᠠᠮᠢᠵᠢᠷᠠᠯ ᠤᠨ ᠬᠦᠴᠤᠨ ᠢ ᠪᠠᠳᠠᠷᠠᠭᠤᠯᠬᠤ ᠭᠡᠷᠡᠭᠳᠠᠢ᠃ ᠬᠦᠮᠦᠰ ᠢ ᠬᠦᠳᠤᠯᠤᠨ ᠲᠠᠭᠠᠭᠤᠯᠵᠤ ᠱᠠᠨᠳ᠋ᠸᠤ ᠶᠢᠨ ᠠᠵᠤ ᠠᠬᠤᠢ ᠶᠢᠨ ᠤᠨᠴᠠᠭᠠᠢ ᠤᠷᠤᠨ ᠤ ᠦᠨᠤᠳᠤᠷ ᠪᠤᠯ ᠬᠢᠯᠪᠡᠷ ᠪᠤᠰᠤ ᠪᠠᠷ ᠢᠷᠡᠭᠰᠡᠨ ᠭᠡᠳᠡᠭ ᠢ ᠲᠠᠨᠢᠭᠤᠯᠵᠦ᠂ ᠡᠬᠦᠨ ᠤ ᠲᠤᠮᠳᠠ ᠠᠴᠠ ᠨᠠᠮ ᠤᠨ ᠤᠳᠤᠷᠢᠳᠤᠯᠭ᠎ᠠ ᠪᠠ ᠮᠠᠨ ᠤ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠳᠠ ᠲᠠᠪᠠᠭᠤᠯᠢᠭ ᠢ ᠮᠡᠳᠡᠷᠡᠬᠦᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠳᠡᠭᠡᠯ᠂ ᠤᠨᠤᠯ ᠤᠨ ᠢᠳᠡᠭᠡᠯ᠂ ᠪᠠᠶᠢᠭᠤᠯᠤᠯ ᠤᠨ ᠢᠳᠡᠭᠡᠯ᠂ ᠰᠤᠶᠤᠯ ᠤᠨ ᠢᠳᠡᠭᠡᠯ ᠢ ᠪᠠᠳᠤᠳᠬᠠᠬᠤ ᠭᠡᠷᠡᠭᠳᠠᠢ ᠭᠡᠵᠤ ᠴᠢᠬᠤᠯᠠᠴᠢᠯᠠᠪᠠ᠃    ᠲᠤᠬᠠᠢ ᠶᠢᠨ ᠭᠠᠵᠠᠷ ᠤᠨ ᠤᠯᠠᠨ ᠲᠦᠮᠡᠨ ᠪᠠ ᠵᠢᠭᠤᠯᠴᠢᠯᠠᠬᠰᠡᠳ ᠶᠡᠷᠤᠩᠭᠡᠢ ᠱᠦᠵᠢ ᠶᠢᠨ ᠬᠦᠷᠴᠤ ᠢᠷᠡᠭᠰᠡᠨ ᠢ ᠦᠵᠡᠭᠡᠳ ᠪᠠᠶᠠᠷᠯᠡᠯᠳᠤᠨ ᠬᠦᠷᠢᠶᠠᠯᠡᠨ ᠢᠷᠡᠵᠡᠭᠡᠵᠤ ᠶᠡᠷᠤᠩᠭᠡᠢ ᠱᠦᠵᠢ ᠶᠢᠨ ᠠᠮᠤᠷ ᠢ ᠠᠰᠠᠭᠤᠨ᠎ᠡ᠃ ᠰᠢ ᠶᠢᠨ ᠫᠢᠩ ᠤᠯᠠᠨ ᠤ ᠠᠵᠤ ᠠᠮᠢᠳᠤᠷᠠᠯ ᠦᠭᠡᠳᠡ ᠡᠰᠡᠷᠡᠭ᠂ ᠡᠷᠡᠬᠦᠯ ᠮᠠᠨᠳᠤ ᠵᠤᠯ ᠵᠢᠷᠭᠠᠯ ᠲᠠᠢ ᠪᠠᠶᠢᠬᠤ ᠶᠢ ᠬᠦᠰᠡᠨ ᠵᠦᠡᠭᠨᠡᠪᠡ᠃ ᠲᠡᠷᠡ᠂ ᠮᠠᠨ ᠤ ᠤᠯᠤᠰ ᠤᠨ ᠦᠭᠡᠷᠡᠴᠢᠯᠡᠯᠳᠠ ᠨᠡᠭᠡᠭᠡᠯᠳᠠ ᠪᠠ ᠠᠵᠤ ᠠᠬᠤᠢ ᠶᠢᠨ ᠤᠨᠴᠠᠭᠠᠢ ᠤᠷᠤᠨ ᠤ ᠪᠦᠳᠦᠭᠡᠨ ᠪᠠᠶᠢᠭᠤᠯᠤᠯᠳᠠ ᠨᠢ ᠨᠤᠳᠤᠭ ᠤᠰᠤ ᠪᠠᠨ ᠰᠠᠨᠠᠭᠠᠯᠵᠠᠵᠤ᠂ ᠡᠭᠡ ᠤᠯᠤᠰ ᠲᠠᠢ ᠪᠠᠨ ᠰᠡᠳᠬᠢᠯ ᠵᠢᠷᠤᠭᠡ ᠪᠠᠨ ᠬᠤᠯᠪᠤᠬᠰᠡᠨ ᠦᠯᠡᠮᠵᠢ ᠤᠯᠠᠨ ᠬᠠᠷᠢᠶᠠᠳᠤ ᠨᠠᠷ ᠠᠴᠠ ᠰᠠᠯᠵᠤ ᠴᠢᠳᠠᠬᠤ ᠦᠭᠡᠢ ᠶᠤᠮ᠃ ᠪᠢᠳᠠ ᠤᠳᠠᠯ ᠦᠭᠡᠢ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠵᠤ᠂ ᠨᠡᠶᠢᠭᠡᠮ ᠵᠢᠷᠤᠮ ᠤᠨ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠬᠦᠯᠵᠤ᠂ ᠬᠤᠶᠠᠳᠤᠭᠠᠷ ᠵᠠᠭᠤᠨ ᠵᠢᠯ ᠤᠨ ᠲᠠᠮᠡᠴᠡᠬᠦ ᠬᠠᠷᠠᠯᠳᠠ ᠲᠠᠶᠢᠰᠢ ᠤᠷᠤᠬᠰᠢᠯᠠᠬᠤ ᠪᠤᠯᠤᠨ᠎ᠡ᠃ ᠲᠤᠰ ᠵᠠᠭᠤᠨ ᠤ ᠲᠤᠮᠳᠠᠴᠢ ᠪᠤᠯᠳᠠᠯ᠎ᠡ ᠮᠠᠨ ᠤ ᠤᠯᠤᠰ ᠢᠶᠠᠨ ᠪᠡᠶᠠᠨ ᠬᠦᠴᠦᠷᠭᠡᠭ ᠠᠷᠠᠳᠴᠢᠯᠠᠬᠰᠡᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠡᠶᠢᠭᠡᠮ ᠵᠢᠷᠤᠮ ᠤᠨ ᠤᠳᠤᠬᠢᠴᠢᠯᠠᠬᠰᠡᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠬᠤ ᠪᠤᠯ ᠤᠯᠤᠰ ᠤᠨ ᠲᠤᠳᠤᠭᠠᠳᠤ ᠭᠠᠳᠠᠭᠠᠳᠤ ᠶᠢᠨ ᠪᠦᠬᠦ ᠲᠤᠮᠳᠠᠳᠤ ᠶᠢᠨ ᠬᠦᠪᠡᠬᠦᠳ ᠦᠬᠢᠳ ᠤᠨ ᠬᠠᠮᠳᠤ ᠶᠢᠨ ᠬᠦᠰᠡᠯ ᠡᠷᠡᠮᠡᠯᠵᠡᠯ ᠮᠦᠨ᠃ ᠡᠨᠡ ᠵᠢᠯ ᠪᠤᠯ ᠠᠵᠤ ᠠᠬᠤᠢ ᠶᠢᠨ ᠤᠨᠴᠠᠭᠠᠢ ᠤᠷᠤᠨ ᠪᠠᠶᠢᠭᠤᠯᠤᠬᠳᠠᠬᠰᠡᠨ 40 ᠵᠢᠯ ᠤᠨ ᠤᠢ ᠪᠤᠯᠤᠨ᠎ᠡ᠂ ᠪᠢ ᠤᠨᠴᠠᠭᠠᠢᠢᠯᠡᠨ ᠱᠠᠨᠲᠸᠤ ᠶᠢᠨ ᠠᠵᠤ ᠠᠬᠤᠢ ᠶᠢᠨ ᠤᠨᠴᠠᠭᠠᠢ ᠤᠷᠤᠨ ᠳᠤ ᠢᠷᠡᠵᠦ ᠰᠢᠨᠵᠢᠯᠡᠨ ᠪᠠᠶᠢᠴᠠᠭᠠᠵᠦ ᠪᠠᠶᠢᠭ᠎ᠠ ᠨᠢ ᠲᠤᠮᠳᠠᠳᠤ ᠤᠯᠤᠰ ᠤᠨ ᠡᠪ ᠬᠠᠮᠳᠤ ᠨᠠᠮ ᠲᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠦᠭᠡᠷᠡᠴᠢᠯᠡᠯᠳᠠ ᠨᠡᠭᠡᠭᠡᠯᠳᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠡᠷᠡᠮᠡᠭᠡᠶᠢᠯᠡᠨ ᠲᠡᠮᠡᠴᠡᠵᠤ ᠵᠢᠳᠬᠦᠯ ᠴᠢᠷᠮᠠᠶᠢᠯᠭ᠎ᠠ ᠭᠠᠷᠭᠠᠨ ᠠᠬᠢᠭᠤᠯᠵᠤ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠴᠦᠬᠦᠷᠡᠰᠢ ᠦᠭᠡᠢ ᠪᠠᠷ ᠳᠡᠷᠭᠡᠯᠰᠢᠬᠦᠯᠬᠦ ᠪᠤᠯᠤᠨ᠎ᠡ ᠭᠡᠳᠡᠭ ᠢ ᠤᠯᠤᠰ ᠤᠨ ᠲᠤᠳᠤᠭᠠᠳᠤ ᠭᠠᠳᠠᠭᠠᠳᠤ ᠳᠤ ᠲᠤᠩᠬᠠᠬᠯᠠᠬᠤ ᠭᠡᠰᠡᠨ ᠶᠤᠮ᠃ ᠠᠬ᠎ᠠ ᠲᠡᠬᠦᠤ ᠨᠠᠷ ᠭᠠᠷ ᠬᠤᠯᠪᠤᠨ ᠴᠢᠷᠮᠠᠶᠢᠵᠤ᠂ ᠬᠠᠮᠳᠤ ᠪᠠᠷ ᠲᠠᠮᠠᠴᠡᠬᠦ ᠶᠢ ᠬᠦᠰᠡᠵᠤ ᠪᠠᠶᠢᠨ᠎ᠡ︕ ᠭᠡᠵᠤ ᠵᠢᠭᠠᠵᠤ ᠭᠠᠷᠭᠠᠪᠠ᠃    ᠳ᠋ᠢᠩ ᠰᠢᠤᠸᠠᠢ ᠰᠢᠶᠠᠩ᠂ ᠯᠢᠤ ᠾᠤ᠋᠂ ᠴᠤᠨ ᠰᠢ᠂ ᠾᠤ᠋ ᠯᠢ ᠹᠤᠩ ᠪᠤᠯᠤᠨ ᠲᠦᠪ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠷ᠎ᠡ ᠪᠤᠯᠵᠤ ᠰᠢᠨᠵᠢᠯᠡᠨ ᠪᠠᠶᠢᠴᠠᠭᠠᠪᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号