ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠣᠭᠤᠯᠵᠠᠢ
ᠨᠡᠶᠢᠲᠡᠯᠡᠭᠰᠡᠨ ᠴᠠᠭ᠄
2020/10/19
   ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 10 ᠰᠠᠷ᠎ᠠ ᠶᠢᠨ 16 ᠤ ᠡᠳᠦᠷ ᠬᠤᠷᠠᠯ ᠬᠤᠷᠠᠯᠳᠤᠭᠤᠯᠵᠤ᠂ ︽ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠬᠢᠨᠠᠨ ᠵᠥᠪᠯᠡᠵᠠᠢ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃    ᠬᠤᠷᠠᠯ ᠠᠴᠠ᠂ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠳᠤ ᠦᠷᠭᠦᠯᠵᠢᠯᠡᠨ ᠭᠦᠨᠵᠡᠭᠡᠢ ᠪᠤᠳᠤᠯᠢᠶᠠᠨᠲᠠᠶ ᠬᠤᠪᠢᠷᠠᠯᠲᠠ ᠭᠠᠷᠴᠤ ᠪᠠᠶᠢᠨ᠎ᠠ᠂ ᠴᠧᠩᠳᠦ᠋ ᠴᠦᠩᠴᠢᠩ ᠣᠷᠣᠨ ᠤ ᠬᠤᠶᠠᠷ ᠬᠤᠲᠠ ᠶᠢᠨ ᠠᠵᠤ ᠠᠬᠤᠶ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠴᠢᠨᠠᠷ ᠰᠠᠶᠢᠲᠠᠶ ᠬᠥᠭᠵᠢᠯᠳᠡ ᠶᠢᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠳᠠ ᠶᠢ ᠪᠦᠷᠢᠯᠳᠦᠭᠦᠯᠬᠦ ᠳᠤ ᠠᠰᠢᠭᠲᠠᠢ ᠶᠤᠮ᠂ ᠵᠠᠬ᠎ᠠ ᠳᠡᠯᠭᠡᠭᠦᠷ ᠤᠨ ᠣᠷᠣᠨ ᠵᠠᠶ ᠶᠢ ᠥᠷᠭᠡᠳᠬᠡᠬᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠣᠭᠲᠠᠪᠤᠷᠢᠵᠢᠭᠤᠯᠬᠤ ᠳᠤ ᠠᠰᠢᠭᠲᠠᠶ ᠶᠤᠮ᠂ ᠡᠨᠡ ᠪᠤᠯ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠨᠢᠭᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠭᠡᠵᠤ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠦᠩᠴᠢᠩ᠂ ᠴᠧᠩᠳᠦ᠋ ᠬᠤᠶᠠᠷ ᠭᠤᠤᠯ ᠬᠤᠲᠠ ᠶᠢᠨ ᠬᠠᠮᠵᠢᠯᠴᠠᠨ ᠳᠠᠶᠢᠴᠢᠯᠠᠬᠤ ᠶᠢ ᠳᠣᠪᠤᠶᠢᠯᠭᠠᠵᠤ᠂ ᠣᠷᠣᠨ ᠪᠦᠰᠡ ᠶᠢᠨ ᠳᠠᠪᠠᠭᠤᠯᠢᠭ ᠪᠣᠯᠤᠨ ᠣᠨᠴᠠᠯᠢᠭ ᠢ ᠢᠯᠡᠷᠡᠭᠦᠯᠬᠦ ᠶᠢ ᠴᠢᠬᠤᠯᠠᠴᠢᠯᠠᠵᠤ᠂ ᠴᠧᠩᠳᠦ᠋ ᠴᠦᠩᠴᠢᠩ ᠣᠷᠣᠨ ᠢ ᠪᠦᠬᠦ ᠤᠯᠤᠰ ᠤᠨ ᠨᠥᠯᠥᠭᠡᠯᠡᠬᠦ ᠬᠦᠴᠦᠨ ᠲᠠᠢ ᠴᠢᠬᠤᠯᠠ ᠠᠵᠤ ᠠᠬᠤᠶ ᠶᠢᠨ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠥᠨᠳᠦᠷᠯᠢᠭ ᠭᠠᠵᠠᠷ᠂ ᠴᠢᠨᠠᠷ ᠰᠠᠶᠢᠳᠠᠢ ᠠᠮᠢᠳᠤᠷᠠᠯ ᠤᠨ ᠲᠤᠬᠢᠯᠢᠭ ᠭᠠᠵᠠᠷ ᠪᠣᠯᠭᠠᠵᠤ᠂ ᠪᠦᠬᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠴᠢᠬᠤᠯᠠ ᠨᠡᠮᠡᠭᠳᠡᠯ ᠤᠨ ᠲᠦᠢᠯ ᠪᠣᠯᠤᠨ ᠰᠢᠨ᠎ᠡ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢ ᠪᠤᠢ ᠪᠣᠯᠭᠠᠬᠤ ᠬᠡᠷᠡᠭᠳᠠᠢ ᠭᠡᠵᠤ ᠴᠢᠬᠤᠯᠠᠴᠢᠯᠠᠪᠠ᠃    ᠬᠤᠷᠠᠯ ᠠᠴᠠ᠂ ᠴᠧᠩᠳᠦ᠋ ᠴᠦᠩᠴᠢᠩ ᠣᠷᠣᠨ ᠨᠢᠭᠡ ᠬᠥᠯᠭᠡ ᠰᠢᠲᠠᠷ᠎ᠠ ᠪᠤᠯᠬᠤ ᠦᠵᠡᠯ ᠰᠠᠨᠠᠭ᠎ᠠ ᠪᠣᠯᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠠᠮᠳᠤᠷᠠᠯᠴᠠᠭᠠᠨ ᠤ ᠲᠣᠭᠲᠠᠴᠠ ᠶᠢ ᠪᠦᠷᠢᠨᠰᠢᠭᠦᠯᠵᠤ᠂ ᠣᠷᠣᠨ ᠪᠦᠰᠡ ᠶᠢᠨ ᠬᠠᠮᠵᠢᠯᠴᠠᠭ᠎ᠠ ᠶᠢᠨ ᠥᠨᠳᠥᠷ ᠲᠦᠪᠰᠢᠨ ᠪᠦᠬᠦᠢ ᠬᠡᠪ ᠵᠠᠭᠪᠤᠷ ᠢ ᠪᠤᠢ ᠪᠣᠯᠭᠠᠬᠤ ᠬᠡᠷᠡᠭᠳᠠᠢ᠃ ︽ᠬᠤᠶᠠᠷ ᠬᠤᠲᠠ ᠶᠢᠨ ᠦᠯᠢᠭᠡᠷ︾ ᠢ ᠰᠠᠶᠢᠳᠤᠷ ᠶᠠᠷᠢᠵᠦ᠂ ᠳᠣᠲᠣᠭᠠᠳᠤ ᠬᠠᠭᠤᠷᠠᠶ ᠶᠢᠨ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠭᠠᠵᠠᠷ ᠢ ᠪᠠᠶᠢᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠬᠠᠮᠲᠤ ᠪᠠᠷ ᠪᠠᠶᠢᠭᠤᠯᠵᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠤᠢ ᠪᠣᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠪᠠᠷᠠᠭᠤᠨ ᠬᠡᠰᠡᠭ ᠤᠨ ᠡᠬᠡ ᠬᠠᠭᠤᠷᠠᠶ ᠳᠠᠯᠠᠢ ᠲᠠᠩᠭᠢᠰ ᠤᠨ ᠰᠢᠨ᠎ᠡ ᠵᠠᠮ ᠢ ᠰᠠᠶᠢᠲᠤᠷ ᠪᠦᠲᠦᠭᠡᠨ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠬᠤᠤᠰ ᠣᠷᠴᠢᠯ ᠳᠤ ᠢᠳᠡᠪᠬᠢᠲᠡᠶ ᠣᠷᠣᠯᠴᠠᠬᠤ ᠬᠡᠷᠡᠭᠳᠠᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠰᠢᠨ᠎ᠡ ᠵᠠᠮ ᠢᠶᠠᠷ ᠵᠠᠮᠨᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠬᠡᠷᠡᠭᠳᠠᠢ᠃ ᠲᠥᠪ ᠪᠠ ᠣᠷᠣᠨ ᠪᠦᠰᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠴᠦᠩᠴᠢᠩ ᠤᠨ ᠭᠤᠤᠯ ᠬᠤᠲᠠ ᠪᠠ ᠴᠧᠩᠳᠦ᠋ ᠶᠢᠨ ᠬᠥᠭᠵᠢᠯᠲᠡ ᠶᠢᠨ ᠴᠢᠳᠠᠪᠤᠷᠢ ᠪᠣᠯᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠬᠥᠭᠵᠢᠯᠲᠡ ᠶᠢᠨ ᠭᠠᠳᠠᠭᠠᠳᠤ ᠥᠷᠭᠡᠳᠬᠡᠯ ᠠᠴᠠ ᠳᠤᠳᠤᠭᠠᠳᠤ ᠠᠭᠤᠯᠬᠤᠨ ᠲᠡᠶᠢᠰᠢ ᠳᠡᠭᠡᠭᠰᠢᠯᠡᠨ ᠬᠤᠪᠢᠷᠠᠬᠤ ᠶᠢ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠲᠡᠩᠴᠡᠭᠦᠷᠢᠲᠡᠶ ᠬᠥᠭᠵᠢᠭᠦᠯᠵᠦ᠂ ᠡᠷᠭᠢᠨ ᠲᠣᠭᠤᠷᠢᠨ ᠤ ᠬᠤᠲᠠ ᠰᠢᠶᠠᠨ ᠲᠠᠢ ᠨᠢᠭᠡ ᠴᠤᠭᠴᠠᠵᠢᠨ ᠬᠦᠭᠵᠢᠬᠦ ᠬᠤᠲᠠ ᠶᠢᠨ ᠬᠦᠷᠢᠶ᠎ᠡ ᠶᠢ ᠪᠠᠶᠢᠭᠤᠯᠬᠤ ᠬᠡᠷᠡᠭᠳᠠᠢ ᠭᠡᠵᠤ ᠱᠠᠭᠠᠷᠳᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号