ᠮᠠᠨ ᠤ ᠬᠤᠰᠢᠭᠤ ᠠᠩᠬᠠᠨ ᠤ ᠪᠦᠯᠥᠭ ᠲᠦᠮᠡ ᠭᠠᠷᠤᠢ ᠨᠡᠭᠦᠳᠡᠯ ᠤᠨ ᠰᠢᠪᠠᠭᠤ ᠪᠠᠨ ᠤᠭᠲᠤᠨ ᠠᠪᠤᠯ᠎ᠠ
ᠨᠡᠶᠢᠲᠡᠯᠡᠭᠰᠡᠨ ᠴᠠᠭ᠄
2020/10/20
     ᠤᠶᠢᠷ᠎ᠠ ᠶᠢᠨ ᠬᠡᠳᠦᠨ ᠡᠳᠦᠷ ᠦᠤᠰᠢᠨᠵᠤᠤ ᠪᠠᠯᠭᠠᠰᠤᠨ ᠤ ᠲᠠᠪᠠᠭᠠᠨᠠᠭᠤᠷ᠂ ᠴᠠᠭᠠᠨᠨᠠᠭᠤᠷ ᠵᠡᠷᠭᠡ ᠨᠠᠭᠤᠷ ᠴᠦᠭᠦᠷᠤᠮ ᠳᠤ ᠬᠤᠨ ᠭᠠᠯᠠᠭᠤ᠂ ᠴᠠᠬᠤᠯᠠᠶ᠂ ᠪᠣᠷᠣ ᠲᠣᠭᠤᠷᠤᠤ ᠵᠡᠷᠭᠡ 10 ᠭᠠᠷᠤᠶ ᠲᠦᠷᠥᠯ ᠤᠨ ᠠᠩᠬᠠᠨ ᠤ ᠪᠦᠯᠥᠭ ᠨᠡᠭᠦᠳᠡᠯ ᠤᠨ ᠰᠢᠪᠠᠭᠤ ᠦᠷᠲᠡᠭᠡᠯᠡᠨ ᠪᠠᠭᠤᠵᠣ ᠨᠠᠮ ᠵᠢᠮ ᠨᠠᠭᠤᠷ ᠤᠨ ᠤᠰᠣᠨ ᠳᠡᠭᠡᠷ᠎ᠡ ᠰᠦᠷᠦᠭ ᠰᠦᠷᠦᠭ ᠰᠢᠪᠠᠭᠤᠳ ᠬᠠᠯᠢᠨ ᠲᠡᠭᠦᠯᠢᠵᠤ ᠭᠤᠶᠢᠲᠠ ᠰᠠᠶᠢᠬᠠᠨ ᠪᠠᠶᠢᠭᠠᠯᠢ ᠶᠢᠨ ᠦᠵᠡᠮᠵᠢ ᠶᠢ ᠪᠦᠷᠢᠯᠳᠣᠬᠦᠯᠣᠯ᠎ᠡ᠃
     ᠲᠠᠪᠠᠭᠠᠨᠠᠭᠤᠷ ᠪᠣᠯ ᠦᠥᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠤ ᠬᠤᠶᠢᠲᠤ ᠬᠡᠰᠡᠭ ᠤᠨ ᠮᠤᠤᠠᠤᠰᠤ ᠡᠯᠡᠰᠦᠨ ᠴᠥᠯ ᠤᠨ ᠦᠷᠦᠴᠡᠨ ᠳᠤ ᠪᠠᠶᠢᠷᠢᠯᠠᠨ ᠤᠰᠤᠨ ᠣᠷᠣᠨ ᠤ ᠶᠡᠷᠦᠩᠬᠡᠶ ᠲᠠᠯᠠᠪᠠᠶ ᠨᠢ 3483 ᠮᠥ ᠪᠠᠶᠢᠵᠣ ᠡᠯᠡᠰᠦ ᠮᠠᠩᠬ᠎ᠠ᠂ ᠨᠣᠭᠤᠭᠠᠨ ᠪᠦᠷᠢᠳᠦ᠂ ᠨᠠᠭᠤᠷ ᠴᠥᠭᠦᠷᠥᠮ ᠢ ᠨᠢᠭᠡ ᠴᠣᠭᠴᠠ ᠪᠣᠯᠭᠠᠭᠰᠠᠨ ᠥᠵᠡᠮᠵᠢᠳᠤ ᠰᠠᠶᠢᠬᠠᠨ ᠴᠡᠩᠭᠡᠭ ᠨᠠᠭᠤᠷ ᠪᠣᠯᠤᠨ᠎ᠠ᠃ ᠪᠠᠶᠢᠭᠠᠯᠢ ᠶᠢᠨ ᠨᠥᠬᠦᠴᠡᠯ ᠪᠠ ᠭᠠᠵᠠᠷ ᠵᠦᠶ ᠶᠢᠨ ᠣᠷᠴᠢᠨ ᠲᠣᠭᠤᠷᠢᠨ ᠨᠢ ᠣᠨᠴᠠᠭᠠᠶ ᠪᠠᠶᠢᠳᠠᠭ ᠪᠣᠯᠬᠤᠷ ᠵᠢᠯ ᠪᠦᠷᠢ 10 ᠭᠠᠷᠤᠶ ᠲᠥᠷᠦᠯ ᠤᠨ ᠨᠡᠭᠦᠳᠡᠯ ᠤᠨ ᠰᠢᠪᠠᠭᠤ ᠠᠳᠡ ᠥᠷᠳᠡᠭᠡᠯᠡᠨ ᠪᠠᠭᠤᠵᠣ ᠭᠤᠶᠢᠲᠠ ᠰᠠᠶᠢᠬᠠᠨ ᠪᠠᠶᠢᠭᠠᠯᠢ ᠶᠢᠨ ᠦᠵᠡᠮᠵᠢ ᠶᠢ ᠪᠥᠷᠢᠯᠳᠤᠭᠦᠯᠳᠡᠭ᠃ ᠴᠠᠭᠠᠨᠨᠠᠭᠤᠷ ᠤᠨ 20 ᠲᠡᠭᠰᠢ ᠳᠥᠷᠪᠡᠯᠵᠢᠨ ᠺᠢᠯᠣᠮᠧᠲᠷ ᠤᠰᠤᠨ ᠭᠠᠳᠠᠷᠭᠤ ᠳᠡᠭᠡᠷ᠎ᠡ ᠨᠠᠭᠤᠷ ᠤᠨ ᠣᠷᠣᠨ ᠤ ᠬᠠᠷᠢᠭᠤᠴᠠᠯᠭᠠᠲᠠᠨ ᠠᠴᠠ ᠬᠤᠨ ᠭᠠᠯᠠᠭᠤ᠂ ᠴᠠᠬᠤᠯᠠᠶ᠂ ᠪᠣᠷᠣ ᠲᠣᠭᠤᠷᠤᠤ ᠵᠡᠷᠭᠡ 10 ᠭᠠᠷᠣᠢ ᠲᠦᠷᠦᠯ ᠤᠨ ᠨᠡᠭᠦᠳᠡᠯ ᠤᠨ ᠰᠢᠪᠠᠭᠤ ᠪᠠᠶᠢᠬᠤ ᠶᠢ ᠢᠯᠭᠠᠨ ᠪᠠᠶᠢᠴᠠᠭᠠᠵᠤ ᠭᠠᠷᠤᠯ᠎ᠠ᠃ ᠡᠳᠡᠭᠡᠷ ᠰᠢᠪᠠᠭᠤᠳ ᠠᠷᠪᠠ ᠭᠠᠷᠤᠶ ᠡᠳᠦᠷ ᠤᠨ ᠠᠮᠠᠷᠠᠯᠲᠠ ᠪᠠᠷ ᠳᠡᠮᠵᠢᠨ ᠢᠳᠡᠰᠢ ᠡᠷᠢᠭᠰᠡᠨ ᠤ ᠳᠠᠷᠠᠭ᠎ᠠ ᠦᠷᠭᠦᠯᠵᠢᠯᠡᠨ ᠡᠮᠦᠨᠡᠰᠢ ᠨᠢᠰᠦᠨ ᠮᠠᠨ ᠤ ᠤᠯᠤᠰ ᠤᠨ ᠡᠮᠦᠨᠡᠲᠦ ᠣᠷᠣᠨ ᠤ ᠳᠤᠯᠠᠭᠠᠨ ᠭᠠᠵᠠᠷ ᠎ ᠤᠳ ᠢᠶᠠᠷ ᠬᠦᠷᠴᠦ ᠡᠪᠦᠯᠵᠢᠳᠡᠭ ᠪᠠᠶᠢᠨ᠎ᠠ᠃
     ᠦᠣᠰᠢᠨᠵᠣᠣ ᠪᠠᠯᠭᠠᠰᠣᠨ ᠤ ᠲᠠᠪᠠᠭᠠᠨᠠᠭᠤᠷ ᠪᠤᠯᠤᠨ ᠴᠠᠭᠠᠨᠨᠠᠭᠤᠷ ᠨᠢ ᠤᠮᠠᠷᠠᠲᠤ ᠣᠷᠣᠨ ᠤ ᠨᠡᠭᠦᠳᠡᠯ ᠤᠨ ᠰᠢᠪᠠᠭᠤᠳ ᠤᠨ ᠴᠢᠬᠤᠯᠠ ︽ᠥᠷᠲᠡᠭᠡ︾ ᠪᠣᠯᠤᠭᠰᠠᠨ ᠤ ᠬᠤᠪᠢ ᠳᠤ ᠵᠢᠯ ᠪᠦᠷᠢ ᠶᠢᠨ 10 ᠰᠠᠷ᠎ᠠ ᠶᠢᠨ ᠳᠤᠮᠳᠠᠴᠢ ᠠᠴᠠ 11 ᠰᠠᠷ᠎ᠠ ᠶᠢᠨ ᠰᠡᠭᠦᠯᠴᠢ ᠪᠣᠯᠲᠠᠯ᠎ᠠ ᠨᠡᠭᠦᠳᠡᠯ ᠤᠨ ᠰᠢᠪᠠᠭᠤ ᠠᠳᠡ ᠦᠷᠳᠡᠭᠡᠯᠡᠨ ᠪᠠᠭᠤᠳᠠᠭ ᠠᠴᠠ ᠡᠨ᠋ᠨ ᠬᠤᠶᠠᠷ ᠡᠳᠣᠷ ᠨᠠᠶᠢᠳᠠ ᠲᠦᠮᠡ ᠭᠠᠷᠤᠶ ᠨᠡᠭᠦᠳᠡᠯ ᠤᠨ ᠰᠢᠪᠠᠭᠤ ᠶᠢ ᠤᠭᠲᠤᠨ ᠠᠪᠤᠭᠰᠠᠨ ᠪᠠᠶᠢᠨ᠎ᠠ᠃
     ᠤᠶᠢᠷ᠎ᠠ ᠶᠢᠨ ᠵᠢᠯ ᠠᠴᠠ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠲᠠᠰᠤᠷᠠᠯᠲᠠ ᠥᠬᠡᠶ ᠰᠠᠶᠢᠵᠢᠷᠠᠭᠰᠠᠨ ᠪᠠ ᠬᠥᠮᠦᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ ᠨᠠᠩ ᠤᠯᠠᠨ ᠨᠡᠭᠦᠳᠡᠯ ᠤᠨ ᠰᠢᠪᠠᠭᠤᠳ ᠮᠠᠨ ᠤ ᠬᠤᠰᠢᠭᠤᠨ ᠤ ᠨᠠᠭᠤᠷ ᠴᠦᠭᠦᠷᠤᠮ ᠢᠶᠠᠷ ᠥᠷᠳᠡᠭᠡᠯᠡᠨ ᠪᠠᠭᠤᠬᠤ ᠪᠤᠯᠤᠭᠰᠠᠨ ᠪᠠᠶᠢᠨ᠎ᠠ᠃      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号