ᠮᠠᠨ ᠤ ᠬᠤᠰᠢᠭᠤ ᠬᠦᠳᠡᠭᠡ ᠳᠣᠰᠬᠤᠨ ᠤ ᠳᠠᠷᠢᠶᠠᠨ ᠭᠠᠵᠠᠷ ᠢ ᠳᠣᠷ᠎ᠠ ᠪᠠᠷ ᠡᠵᠡᠯᠡᠨ ᠬᠡᠷ ᠪᠠᠷᠢᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠳᠠ ᠪᠠᠶᠢᠷᠢᠯᠠᠭᠤᠯᠣᠯᠳᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/10/20
    10 ᠰᠠᠷ᠎ᠠ ᠶᠢᠨ 15 ᠤ ᠡᠳᠦᠷ᠂ ᠮᠠᠨ ᠤ ᠬᠤᠰᠢᠭᠤ ᠬᠦᠳᠡᠭᠡ ᠳᠣᠰᠬᠤᠨ ᠤ ᠳᠠᠷᠢᠶᠠᠨ ᠭᠠᠵᠠᠷ ᠢ ᠳᠣᠷ᠎ᠠ ᠪᠠᠷ ᠡᠵᠡᠯᠡᠨ ᠬᠡᠷ ᠪᠠᠷᠢᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠳᠠ ᠪᠠᠶᠢᠷᠢᠯᠠᠭᠤᠯᠣᠯᠳᠠ ᠶᠢᠨ ᠬᠤᠷᠠᠯ ᠬᠤᠷᠠᠯᠳᠣᠭᠤᠯᠪᠠ᠃ ᠬᠤᠰᠢᠭᠤ ᠳᠡᠳ᠋ ᠳᠠᠷᠤᠭ᠎ᠠ ᠵᠧᠦ ᠱᠤᠸᠠᠢ ᠪᠤᠯᠤᠨ ᠬᠤᠰᠢᠭᠤ ᠬᠦᠳᠡᠭᠡ ᠳᠣᠰᠬᠤᠨ ᠤ ᠳᠠᠷᠢᠶᠠᠨ ᠭᠠᠵᠠᠷ ᠢ ᠳᠣᠷ᠎ᠠ ᠪᠠᠷ ᠡᠵᠡᠯᠡᠨ ᠬᠡᠷ ᠪᠠᠷᠢᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠣᠳᠣᠷᠢᠳᠬᠤ ᠪᠠᠭ᠎ᠠ ᠳᠣᠭᠤᠶᠢᠯᠠᠩ ᠤᠨ ᠪᠦᠷᠢᠯᠳᠦᠬᠦᠨ ᠨᠢᠬᠡᠴᠢ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     ᠬᠤᠷᠠᠯ ᠠᠴᠠ᠂ ︽ᠦᠦᠰᠢᠨ ᠬᠤᠰᠢᠭᠤᠨ ᠤ ᠬᠦᠳᠡᠭᠡ ᠳᠣᠰᠬᠤᠨ ᠤ ᠳᠠᠷᠢᠶᠠᠨ ᠭᠠᠵᠠᠷ ᠢ ᠳᠣᠷ᠎ᠠ ᠪᠠᠷ ᠡᠵᠡᠯᠡᠨ ᠬᠡᠷ ᠪᠠᠷᠢᠬᠤ ᠠᠰᠠᠭᠤᠳᠠᠯ ᠢ ᠵᠢᠭᠰᠠᠭᠠᠨ ᠪᠠᠶᠢᠴᠠᠭᠠᠬᠤ ᠠᠵᠢᠯ ᠤᠨ ᠳᠦᠰᠦᠪ︾ ᠢ ᠨᠠᠶᠢᠳᠡᠯᠡᠪᠡ᠃     ᠬᠤᠷᠠᠯ ᠠᠴᠠ ᠴᠢᠬᠤᠯᠠᠴᠢᠯᠠᠬᠤ ᠳᠠᠭᠠᠨ᠂ ︽ᠳᠦᠷᠪᠡᠨ ᠣᠬᠠᠮᠰᠠᠷ︾ ᠢ ᠪᠠᠳᠣ ᠱᠣᠭᠤᠵᠦ ︽ᠳᠦᠷᠪᠡᠨ ᠢᠳᠡᠬᠡᠯ︾ ᠢ  ᠪᠠᠳᠤᠳᠬᠠᠨ ︽ᠬᠤᠶᠠᠷ ᠢ ᠬᠠᠮᠠᠭᠠᠯᠠᠬᠤ︾ ᠠᠴᠠ ᠭᠠᠷᠳᠠᠵᠦ ᠣᠯᠣᠰ ᠳᠦᠷᠦ ᠶᠢᠨ ᠵᠣᠭᠰᠣᠴᠠ ᠪᠠᠨ ᠳᠡᠭᠡᠭᠰᠢᠯᠡᠬᠦᠯᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠡᠯ᠎ᠡ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠶᠢᠳᠪᠤᠷᠢᠲᠤ ᠪᠣᠳᠣᠯᠭ᠎ᠠ ᠪᠠᠶᠢᠷᠢᠯᠠᠭᠤᠯᠣᠯᠳᠠ ᠲᠠᠢ ᠨᠢᠬᠡᠳᠬᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ ᠮᠠᠨ ᠤ ᠬᠤᠰᠢᠭᠤᠨ ᠤ ᠳᠠᠷᠢᠶᠠᠨ ᠭᠠᠵᠠᠷ ᠢ ᠳᠣᠷ᠎ᠠ ᠪᠠᠷ ᠡᠵᠡᠯᠡᠨ ᠬᠡᠷ ᠪᠠᠷᠢᠬᠤ ᠠᠰᠠᠭᠤᠳᠠᠯ ᠢ ᠪᠦᠬᠦ ᠳᠠᠯ᠎ᠠ ᠪᠠᠷ ᠪᠠᠶᠢᠴᠠᠭᠠᠨ ᠳᠣᠳᠣᠯᠠᠵᠦ ᠬᠠᠣᠯᠢ ᠶᠣᠰᠣᠭᠠᠷ ᠠᠰᠠᠭᠤᠳᠠᠯ ᠢ ᠰᠶᠢᠳᠪᠤᠷᠢᠯᠡᠨ ᠳᠠᠷᠢᠶᠠᠨ ᠭᠠᠵᠠᠷ ᠢ ᠳᠣᠷ᠎ᠠ ᠪᠠᠷ ᠡᠵᠡᠯᠡᠨ ᠬᠡᠷ ᠪᠠᠷᠢᠬᠤ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠰᠢᠨ᠎ᠡ ︽ᠭᠠᠵᠠᠷ ᠰᠢᠷᠦᠢ ᠶᠢᠨ ᠬᠠᠮᠢᠶᠠᠷᠣᠯᠳᠠ ᠶᠢᠨ ᠬᠠᠣᠯᠢ︾ ᠵᠢᠴᠢ ᠬᠠᠮᠢᠶ᠎ᠠ ᠪᠦᠬᠦᠢ ᠬᠠᠣᠯᠢ ᠳᠦᠷᠢᠮ ᠤᠨ ᠣᠬᠠᠭᠤᠯᠭ᠎ᠠ ᠪᠠ ᠳᠦᠬᠡᠮᠡᠯᠵᠢᠯ ᠢ ᠰᠠᠶᠢᠳᠣᠷ ᠬᠢᠵᠦ ᠣᠯᠠᠨ ᠳᠦᠮᠡᠨ ᠤ ᠬᠠᠣᠯᠢ ᠳᠦᠷᠢᠮ ᠤᠨ ᠳᠣᠬᠠᠢ ᠳᠠᠨᠢᠯᠳᠠ ᠶᠢ ᠳᠡᠭᠡᠭᠰᠢᠯᠡᠬᠦᠯᠬᠦ ᠬᠡᠷᠡᠭᠲᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠣᠷᠢᠳᠴᠢᠯᠠᠨ ᠳᠦᠯᠦᠪᠯᠡᠵᠦ ᠬᠦᠴᠦᠨ ᠢᠶᠠᠨ ᠬᠠᠮᠳᠣᠳᠬᠠᠨ ᠬᠦᠴᠦᠳᠡᠢ ᠠᠷᠭ᠎ᠠ ᠪᠠᠷᠢᠯ ᠢᠶᠠᠷ ᠵᠢᠭᠰᠠᠭᠠᠨ ᠪᠠᠶᠢᠴᠠᠭᠠᠬᠤ ᠠᠵᠢᠯ ᠢ ᠰᠠᠶᠢᠳᠣᠷ ᠬᠢᠬᠦ ᠬᠡᠷᠡᠭᠲᠡᠢ ᠬᠡᠪᠡ᠃     ᠬᠤᠷᠠᠯ ᠠᠴᠠ ᠱᠠᠭᠠᠷᠳᠠᠬᠤ ᠳᠠᠭᠠᠨ᠂ ᠣᠳᠣᠬᠠᠨ ᠤ ᠪᠠᠶᠢᠳᠠᠯ ᠢ ᠬᠦᠢᠴᠡᠳ ᠳᠠᠨᠢᠵᠦ ᠢᠳᠡᠪᠬᠢᠲᠡᠢ ᠪᠠᠷ ᠬᠦᠳᠡᠯᠦᠯᠴᠡᠨ ᠬᠤᠯᠪᠣᠭᠠᠯᠠᠨ ᠬᠠᠮᠵᠢᠯᠴᠠᠵᠦ ᠠᠰᠠᠭᠤᠳᠠᠯ ᠤᠨ ᠭᠤᠣᠯᠳᠠᠯᠭ᠎ᠠ ᠶᠢ ᠠᠳᠬᠤᠨ ᠵᠢᠭᠰᠠᠭᠠᠨ ᠪᠠᠶᠢᠴᠠᠭᠠᠬᠤ ᠠᠵᠢᠯ ᠤᠨ ᠪᠣᠳᠠᠳᠣ ᠦᠷ᠎ᠡ ᠪᠦᠲᠦᠮᠵᠢ ᠣᠯᠬᠤ ᠶᠢ ᠪᠠᠳᠣᠯᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号