ᠮᠠᠨ ᠤ ᠬᠤᠰᠢᠭᠤᠨ ᠤ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠯ᠎ᠡ
ᠨᠡᠶᠢᠲᠡᠯᠡᠭᠰᠡᠨ ᠴᠠᠭ᠄
2020/10/20
    ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠨᠠᠰᠣᠳᠠᠶᠢᠴᠣᠣᠨ ᠤᠨ ᠰᠣᠪᠢᠯᠠᠯᠲᠠ ᠶᠢᠨ ᠬᠦᠷᠢᠶᠡᠯᠡᠩ ᠤᠨ ᠪᠦᠳᠣᠭᠡᠨ ᠪᠠᠶᠢᠭᠤᠯᠣᠯᠲᠠ ᠶᠢᠨ ᠲᠦᠷᠣᠯ ᠵᠣᠶᠢᠯ ᠦᠣᠰᠢᠨᠵᠣᠣ ᠪᠠᠯᠭᠠᠰᠣᠨ ᠤ ᠦᠣᠰᠢᠨᠵᠣᠣ ᠭᠠᠴᠠᠭᠠᠨ ᠳᠤ ᠪᠡᠷᠢᠯᠭ᠎ᠠ ᠡᠬᠢᠯᠡᠯ᠎ᠡ᠃     ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠤᠯᠤᠰ ᠲᠥᠷᠥ ᠶᠢᠨ ᠵᠦᠪᠯᠡᠯᠭᠡᠨ ᠤ ᠲᠡᠷᠢᠭᠦᠯᠡᠭᠴᠢ ᠬᠤᠤ ᠸᠧᠢ ᠪᠤᠯᠤᠨ ᠬᠤᠲᠠ᠂ ᠬᠤᠰᠢᠭᠤ ᠬᠤᠶᠠᠷ ᠱᠠᠲᠤᠨ ᠤ ᠠᠷᠠᠳ ᠤᠨ ᠶᠠᠪᠤᠳᠠᠯ ᠤᠨ ᠳᠤᠪᠴᠢᠶᠠᠨ ᠤ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠲᠦᠷᠦᠯ ᠵᠦᠢᠯ ᠤᠨ ᠪᠠᠷᠢᠯᠭ᠎ᠠ ᠬᠢᠬᠦ ᠲᠠᠯ᠎ᠠ ᠶᠢᠨ ᠬᠠᠷᠢᠭᠤᠴᠠᠯᠭᠠᠲᠠᠨ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠵᠤ ᠬᠤᠰᠢᠭᠤ ᠳᠡᠳ᠋ ᠳᠠᠷᠤᠭ᠎ᠠ ᠪᠠᠶᠠᠨᠴᠡᠩᠬᠡᠯ ᠶᠤᠰᠤᠯᠠᠯ ᠢ ᠡᠷᠬᠢᠯᠡᠭᠰᠡᠨ ᠪᠠᠶᠢᠨ᠎ᠠ᠃
    ᠡᠷᠳᠡᠨᠢᠪᠢᠯᠢᠭ ᠦᠦᠰᠢᠨ ᠬᠤᠰᠢᠭᠤᠨ ᠤ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠭᠰᠠᠨ ᠪᠠᠶᠢᠨ᠎ᠠ᠃
    ᠵᠤᠤ ᠹᠸᠢ ᠯᠦ ᠶᠠᠷᠢᠶ᠎ᠠ ᠲᠠᠯᠪᠢᠨ ᠵᠢᠭᠠᠬᠤ ᠳᠤ ᠪᠠᠨ ᠨᠠᠰᠤᠲᠠᠨ ᠢᠶᠠᠨ ᠬᠦᠨᠳᠦᠯᠡᠵᠦ ᠠᠬᠠᠮᠠᠳ ᠢᠶᠠᠨ ᠬᠠᠷᠠᠭᠠᠯᠵᠠᠬᠤ ᠨᠢ ᠳᠤᠮᠳᠠᠳᠤ ᠶᠢᠨ ᠦᠨᠳᠦᠰᠦᠲᠡᠨ ᠤ ᠡᠷᠲᠡ ᠠᠴᠠ ᠤᠯᠠᠮᠵᠢᠯᠠᠵᠤ ᠢᠷᠡᠭᠰᠡᠨ ᠰᠠᠶᠢᠬᠠᠨ ᠰᠤᠷᠲᠠᠯ ᠶᠤᠮ᠃ ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠨᠠᠰᠤᠲᠠᠶᠢᠴᠤᠳ ᠤᠨ ᠦᠢᠯᠡᠰ ᠢ ᠢᠳᠡᠪᠬᠢᠲᠡᠢ ᠬᠦᠭᠵᠢᠭᠦᠯᠤᠨ ᠪᠡᠯᠡ ᠤᠷᠤᠭᠤᠯᠤᠯᠲᠠ ᠪᠠᠨ ᠴᠢᠩᠭᠠᠳᠬᠠᠵᠦ ᠨᠠᠰᠣᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠢᠷᠢ ᠳᠦᠪᠰᠢᠨ ᠢ ᠲᠠᠰᠤᠷᠠᠯᠲᠠ ᠦᠭᠡᠢ ᠨᠡᠮᠡᠭᠳᠡᠭᠦᠯᠤᠨ ᠭᠡᠷ ᠢᠶᠠᠷ ᠰᠠᠭᠤᠷᠢ ᠪᠤᠯᠭᠠᠵᠦ ᠨᠡᠶᠢᠬᠡᠮ ᠲᠤᠭᠤᠷᠢᠭ ᠲᠤ ᠲᠦᠰᠢᠭᠯᠡᠭᠰᠡᠨ ᠪᠠᠶᠢᠭᠤᠯᠤᠮᠵᠢ ᠨᠢ ᠨᠦᠬᠦᠪᠦᠷᠢᠯᠡᠭᠰᠡᠨ ᠡᠮᠴᠢᠯᠡᠭᠡ ᠰᠣᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠵᠤ ᠪᠤᠢ᠃ ᠨᠡᠶᠢᠬᠡᠮ ᠠᠵᠤ ᠠᠬᠤᠢ ᠶᠢᠨ ᠬᠦᠭᠵᠢᠯᠲᠡ ᠶᠢ ᠳᠠᠭᠠᠯᠳᠤᠨ ᠮᠠᠨ ᠤ ᠬᠤᠰᠢᠭᠤᠨ ᠤ ᠬᠦᠮᠦᠨ ᠠᠮᠠ ᠶᠢᠨ ᠨᠠᠰᠤᠵᠢᠯᠲᠠ ᠶᠢᠨ ᠬᠡᠮᠵᠢᠶ᠎ᠠ ᠦᠨᠳᠣᠷᠵᠢᠵᠣ ︽ᠭᠡᠷ ᠢᠶᠠᠨ ᠰᠠᠬᠢᠭᠰᠠᠨ ᠨᠠᠰᠤᠲᠠᠶᠢᠴᠤᠳ︾ ᠣᠯᠠᠰᠢᠷᠠᠵᠣ ᠪᠠᠶᠢᠨ᠎ᠠ᠃ ᠡᠨᠡᠬᠦ ᠨᠠᠰᠣᠳᠠᠶᠢᠴᠣᠣᠨ ᠤᠨ ᠰᠣᠪᠢᠯᠠᠯᠲᠠ ᠶᠢᠨ ᠬᠦᠷᠢᠶᠡᠯᠡᠩ ᠪᠣᠯ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠤᠯᠠᠨ ᠲᠦᠮᠡᠨ ᠤ ᠠᠮᠢᠳᠤᠷᠠᠯ ᠢ ᠬᠠᠯᠠᠮᠵᠢᠯᠠᠵᠤ ᠠᠷᠠᠳ ᠲᠦᠮᠡᠨ ᠤ ᠪᠣᠳᠠᠳᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠲᠥᠯᠥᠪᠵᠢᠭᠦᠯᠦᠨ ᠪᠠᠶᠢᠭᠤᠯᠵᠤ ᠪᠠᠶᠢᠭ᠎ᠠ ᠠᠰᠠᠷᠠᠨ ᠬᠠᠷᠠᠭᠠᠯᠵᠠᠬᠤ᠂ ᠡᠮᠴᠢᠯᠠᠨ ᠡᠷᠡᠭᠦᠯᠵᠢᠬᠦᠯᠬᠦ ᠪᠣᠯᠣᠨ ᠰᠣᠪᠢᠯᠠᠯᠲᠠ ᠰᠡᠯᠡᠭᠦᠴᠡᠯ ᠵᠡᠷᠭᠡ ᠶᠢ ᠨᠢᠭᠡ ᠴᠤᠭᠴᠠᠵᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠪᠠᠶᠢᠵᠣ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠣᠨ ᠪᠠᠶᠢᠭᠤᠯᠵᠣ ᠪᠠᠶᠢᠭ᠎ᠠ ᠪᠠᠶᠢᠭᠤᠯᠭ᠎ᠠ ᠨᠢᠭᠡᠴᠢ ᠶᠢᠨ ᠬᠢᠨ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠪᠠᠲᠤ ᠪᠤᠢ ᠪᠤᠯᠭᠠᠵᠤ ᠬᠠᠮᠵᠢᠯᠴᠠᠭ᠎ᠠ ᠪᠠᠨ ᠴᠢᠩᠭᠠᠳᠬᠠᠨ ᠪᠦᠲᠦᠭᠡᠨ ᠪᠠᠶᠢᠭᠤᠯᠬᠤ ᠳᠤ ᠪᠠᠨ ᠪᠠᠷᠢᠮᠵᠢᠶ᠎ᠠ᠂ ᠴᠢᠨᠠᠷ ᠴᠢᠨᠰᠠᠭ᠎ᠠ᠂ ᠦᠷ᠎ᠡ ᠠᠰᠢᠭ ᠵᠡᠷᠭᠡ ᠶᠢ ᠦᠨᠳᠣᠷ ᠲᠦᠪᠰᠢᠨ ᠲᠠᠢ ᠪᠠᠶᠢᠬᠤ ᠶᠢ ᠪᠠᠷᠢᠮᠲᠠᠯᠠᠵᠤ ᠲᠡᠷᠢᠭᠦᠨ ᠤ ᠭᠠᠵᠠᠷ ᠤᠷᠤᠨ ᠢᠶᠠᠷ ᠪᠠᠷᠢᠮᠵᠢᠶᠠᠯᠠᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠵᠦ ᠤᠷᠤᠨ ᠬᠤᠲᠠ ᠳᠤ ᠪᠠᠨ ᠤᠷᠤᠶᠢᠯᠠᠭᠰᠠᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠵᠢᠱᠢᠶᠠᠴᠢ ᠪᠠᠶᠢᠭᠤᠯᠤᠮᠵᠢ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃
    ᠦᠣᠰᠢᠨᠵᠣᠣ ᠭᠠᠴᠠᠭᠠᠨ ᠳᠤ ᠪᠦᠳᠣᠭᠡᠨ ᠪᠠᠶᠢᠭᠤᠯᠵᠣ ᠡᠬᠢᠯᠡᠭᠰᠡᠨ ᠡᠨᠡᠬᠦ ᠨᠠᠰᠣᠳᠠᠶᠢᠴᠣᠣᠨ ᠤᠨ ᠰᠣᠪᠢᠯᠠᠯᠲᠠ ᠶᠢᠨ ᠬᠦᠷᠢᠶᠡᠯᠡᠩ ᠤᠨ ᠡᠵᠡᠯᠡᠬᠦ ᠲᠠᠯᠠᠪᠡᠢ ᠨᠢ 46079 ᠲᠡᠭᠰᠢ ᠳᠥᠷᠪᠡᠯᠵᠢᠨ ᠮᠧᠲᠷ᠂ ᠠᠩᠬᠠᠨ ᠤ ᠬᠤᠭᠤᠴᠠᠭᠠᠨ ᠤ ᠲᠦᠯᠦᠪᠵᠢᠭᠦᠯᠦᠭᠰᠡᠨ ᠲᠠᠯᠠᠪᠡᠢ ᠨᠢ 25337 ᠲᠡᠭᠰᠢ ᠳᠥᠷᠪᠡᠯᠵᠢᠨ ᠮᠧᠲᠷ᠂ ᠡᠭᠦᠨ ᠳᠤ ᠪᠠᠷᠢᠯᠭ᠎ᠠ ᠶᠢᠨ ᠲᠠᠯᠠᠪᠡᠢ ᠨᠢ 7994.5 ᠲᠡᠭᠰᠢ ᠳᠥᠷᠪᠡᠯᠵᠢᠨ ᠮᠧᠲᠷ᠂ ᠲᠥᠷᠥᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 3300 ᠲᠦᠮᠡᠨ ᠲᠦᠭᠦᠷᠢᠭ ᠪᠠᠶᠢᠵᠤ ᠠᠩᠬᠠᠨ ᠤ ᠬᠤᠭᠤᠴᠠᠭᠠᠨ ᠳᠤ 160 ᠠᠰᠠᠷᠠᠮᠵᠢ ᠶᠢᠨ ᠣᠷᠣ ᠲᠤᠬᠢᠷᠠᠭᠤᠯᠤᠨ ᠲᠦᠷᠦᠯ ᠵᠦᠢᠯ ᠤᠨ ᠭᠤᠤᠯ ᠴᠤᠭᠴᠠ ᠶᠢᠨ ᠢᠨᠵᠧᠨᠧᠷᠢᠩ ᠢ 2021 ᠤᠨ ᠤ 12 ᠰᠠᠷ᠎ᠠ ᠶᠢᠨ 30 ᠤ ᠡᠳᠦᠷ ᠪᠠᠶᠢᠭᠤᠯᠣᠨ ᠳᠠᠭᠤᠰᠬᠠᠬᠤ ᠪᠠᠷ ᠳᠦᠯᠣᠪᠯᠠᠵᠣ ᠠᠰᠢᠭᠯᠠᠯᠲᠠ ᠳᠤ ᠣᠷᠣᠭᠰᠠᠨ ᠤ ᠳᠠᠷᠠᠭ᠎ᠠ ᠮᠠᠨ ᠤ ᠬᠤᠰᠢᠭᠤᠨ ᠤ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠵᠦ ᠨᠠᠰᠤᠲᠠᠶᠢᠴᠤᠳ ᠢ ᠠᠰᠠᠷᠠᠬᠤ ᠰᠢᠰᠲ᠋ᠧᠮ ᠢ ᠲᠡᠭᠦᠯᠳᠡᠷᠵᠢᠭᠦᠯᠦᠨ ᠠᠬᠠᠮᠠᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠰᠢᠯᠢᠳᠡᠭ ᠰᠤᠷᠲᠠᠯ ᠢ ᠪᠠᠳᠠᠷᠠᠭᠤᠯᠤᠨ ᠡᠶ᠎ᠡ ᠵᠤᠬᠢᠴᠠᠯᠲᠤ ᠨᠡᠶᠢᠬᠡᠮ ᠢ ᠪᠦᠲᠦᠭᠡᠨ ᠪᠠᠶᠢᠭᠤᠯᠬᠤ ᠳᠤ ᠴᠢᠬᠤᠯᠠ ᠣᠶᠢᠯᠡᠳᠣᠯ ᠦᠵᠡᠭᠦᠯᠬᠦ ᠪᠣᠯᠣᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号