ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠥᠥᠰᠢᠨᠵᠤᠤ ᠪᠠᠯᠭᠠᠰᠤ ᠲᠤᠭ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020/10/20
    10 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠥᠥᠰᠢᠨᠵᠤᠤ ᠪᠠᠯᠭᠠᠰᠤ᠂ ᠲᠤᠭ ᠪᠠᠯᠭᠠᠰᠤᠨ ᠳᠤ ᠬᠦᠷᠴᠤ ᠪᠥᠳᠥᠭᠡᠨ ᠪᠠᠶᠢᠭᠤᠯᠵᠤ ᠪᠠᠶᠢᠭ᠎ᠠ ᠰᠤᠷᠭᠠᠭᠤᠯᠢ ᠶᠢᠨ ᠲᠥᠷᠥᠯ ᠵᠥᠢᠯ ᠪᠠ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠭᠢᠭᠰᠡᠨ ᠪᠠᠶᠢᠨ᠎ᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠪᠣᠯᠤᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠨᠡᠭᠦᠳᠡᠯ ᠠᠷᠠᠳ ᠢ ᠲᠤᠪᠬᠢᠨᠠᠭᠤᠯᠬᠤ ᠬᠠᠮᠢᠶᠠᠷᠤᠯᠳᠠ ᠶᠢᠨ ᠲᠥᠪ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
    ᠥᠥᠰᠢᠨᠵᠤᠤ ᠪᠠᠭ᠎ᠠ ᠰᠤᠷᠭᠠᠭᠤᠯᠢ ᠳᠤ ᠵᠤᠤ ᠹᠸᠢ ᠯᠤ᠋ ᠨᠡᠷ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ ᠪᠠᠷᠢᠯᠭ᠎ᠠ ᠪᠠᠷᠢᠬᠤ ᠨᠢᠭᠡᠴᠢ ᠶᠢᠨ ᠬᠠᠷᠢᠭᠤᠴᠠᠯᠭᠠᠳᠠᠨ ᠠᠴᠠ ᠠᠬᠢᠴᠠ ᠶᠢᠨ ᠲᠤᠬᠢᠷᠠᠭᠤᠯᠤᠯᠳᠠ ᠶᠢ ᠨᠠᠷᠢᠨ ᠣᠶᠢᠯᠠᠭᠠᠪᠠ᠃ ᠵᠣᠣ ᠹᠸᠢ ᠯᠦ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠣᠯ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠃ ᠥᠥᠰᠢᠨᠵᠤᠤ ᠪᠠᠭ᠎ᠠ ᠰᠤᠷᠭᠠᠭᠤᠯᠢ ᠶᠢ ᠪᠥᠳᠥᠭᠡᠨ ᠪᠠᠶᠢᠭᠤᠯᠬᠤ ᠨᠢ ᠨᠠᠮ ᠪᠠ ᠵᠠᠰᠠᠭ ᠤᠨ ᠣᠷᠳᠣᠨ ᠠᠴᠠ ᠦᠨᠳᠦᠰᠦᠲᠡᠨ ᠤ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠲᠤᠬᠠᠢ ᠶᠢᠨ ᠭᠠᠵᠠᠷ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠬᠤᠳᠠ ᠬᠥᠳᠡᠭᠡ ᠶᠢᠨ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠡᠯ᠎ᠡ ᠬᠠᠮᠢᠶ᠎ᠠ ᠪᠦᠬᠦᠢ ᠨᠢᠭᠡᠴᠢ ᠥᠨᠳᠥᠷ ᠪᠠᠷᠢᠮᠵᠢᠶ᠎ᠠ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢ ᠴᠢᠨᠠᠷ ᠰᠠᠶᠢᠲᠠᠶ ᠠᠬᠢᠭᠤᠯᠵᠤ ᠪᠠᠷᠢᠯᠭ᠎ᠠ ᠪᠠᠷᠢᠬᠤ ᠨᠢᠭᠡᠴᠢ ᠨᠢ ᠪᠠᠷᠢᠯᠭ᠎ᠠ ᠶᠢᠨ ᠠᠬᠢᠴᠠ ᠪᠣᠯᠤᠨ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠰᠢᠢᠳᠪᠤᠷᠢᠯᠠᠨ ᠬᠤᠭᠤᠴᠠᠭ᠎ᠠ ᠶᠣᠰᠣᠭᠠᠷ ᠠᠰᠢᠭᠯᠠᠯᠳᠠ ᠳᠤ ᠤᠷᠤᠭᠤᠯᠬᠤ ᠶᠢ ᠪᠠᠲᠤᠯᠠᠵᠤ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠷᠭᠠᠨ ᠬᠥᠮᠦᠵᠢᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠡᠢ᠃
     ᠲᠤᠭ ᠪᠠᠯᠭᠠᠰᠤᠨ ᠤ ᠰᠢᠷᠭᠠᠮᠤᠷᠢ ᠲᠣᠰᠬᠤᠨ ᠤ ᠭᠦᠸᠧ ᠴᠠᠩ ᠴᠢᠩ ᠤᠨ ᠭᠡᠷ ᠲᠤ ᠵᠤᠤ ᠹᠸᠢ ᠯᠦ ᠮᠠᠯᠴᠢᠨ ᠲᠠᠷᠢᠶᠠᠴᠢᠨ ᠲᠠᠢ ᠶᠠᠷᠢᠯᠴᠠᠨ ᠠᠷᠠᠳ ᠣᠯᠠᠨ ᠤ ᠨᠡᠭᠦᠬᠦ ᠪᠤᠳᠤᠯ ᠬᠦᠰᠡᠯ ᠢ ᠨᠠᠷᠢᠨ ᠯᠠᠪᠯᠠᠵᠤ ᠰᠠᠨᠠᠯ ᠰᠠᠨᠠᠭᠤᠯᠭ᠎ᠠ ᠶᠢ  ᠨᠢ ᠰᠤᠨᠤᠰᠤᠭᠰᠠᠨ ᠪᠠᠶᠢᠨ᠎ᠠ᠃ ᠤᠯᠠᠨ ᠤ ᠳᠤᠷᠠᠳᠤᠭᠰᠠᠨ ᠠᠵᠤ ᠦᠢᠯᠡᠰ ᠤᠨ ᠬᠥᠭᠵᠢᠯᠲᠡ᠂ ᠠᠵᠢᠯ ᠣᠯᠭᠤᠯᠲᠠ ᠶᠢᠨ ᠬᠦᠴᠢᠷᠳᠡᠯ ᠵᠡᠷᠭᠡ ᠡᠷᠡᠭᠡᠯᠵᠡᠭᠡ ᠳᠤ ᠴᠢᠭᠯᠡᠭᠦᠯᠦᠨ ᠲᠡᠷᠡ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ ᠭᠡᠯᠡᠭᠰᠠᠨ ᠨᠢ᠂ ᠬᠠᠳᠠᠭᠤᠴᠠᠶᠢᠳᠠᠮ ᠤᠰᠤᠨ ᠤ ᠰᠤᠷᠪᠤᠯᠵᠢ ᠶᠢᠨ ᠭᠠᠵᠠᠷ ᠪᠣᠯ ᠪᠦᠬᠦ ᠬᠤᠲᠠ ᠶᠢᠨ ᠤᠤᠭᠤᠬᠤ ᠤᠰᠤᠨ ᠤ ᠰᠤᠷᠪᠤᠯᠵᠢ ᠶᠢᠨ ᠴᠢᠬᠤᠯᠠ ᠣᠷᠣᠨ᠂ ᠤᠰᠤᠨ ᠰᠤᠷᠪᠤᠯᠵᠢ ᠶᠢᠨ ᠤᠷᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠃ ᠠᠷᠠᠳ ᠢ ᠨᠡᠭᠦᠯᠭᠡᠬᠦ ᠪᠣᠯ ᠰᠠᠶᠢᠨ ᠶᠠᠪᠤᠳᠠᠯ᠂ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠳᠤ ᠠᠰᠢᠭᠲᠠᠶ ᠮᠥᠷᠲᠡᠭᠡᠨ ᠣᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠣᠨ ᠬᠤᠶᠢᠴᠢ ᠦᠶ᠎ᠡ ᠶᠢᠨ ᠬᠢᠨ ᠤ ᠬᠦᠭᠵᠢᠯᠳᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ ᠴᠢᠳᠠᠬᠤ ᠪᠤᠯᠤᠨ᠎ᠠ᠂ ᠥᠷᠭᠡᠨ ᠣᠯᠠᠨ ᠮᠠᠯᠴᠢᠨ ᠲᠠᠷᠢᠶᠠᠴᠢᠨ  ᠪᠠᠶᠢᠳᠠᠯ ᠢ ᠭᠥᠢᠴᠡᠳ ᠣᠶᠢᠯᠠᠭᠠᠵᠤ ᠢᠳᠡᠪᠬᠢᠲᠡᠶ ᠬᠠᠮᠵᠢᠯᠴᠠᠬᠤ ᠭᠡᠷᠡᠭᠳᠠᠢ ᠭᠡᠵᠡᠢ᠃ ᠵᠤᠤ ᠹᠸᠢ ᠯᠦ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠠᠷᠠᠳ ᠣᠯᠠᠨ ᠤ ᠦᠢᠯᠡᠳᠪᠤᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠢ ᠭᠥᠢᠴᠡᠳ ᠪᠣᠳᠣᠯᠬᠢᠯᠠᠵᠤ ᠮᠠᠯᠴᠢᠨ ᠲᠠᠷᠢᠶᠠᠴᠢᠨ ᠤ ᠲᠤᠬᠠᠶᠢᠯᠠᠭᠰᠠᠨ ᠠᠵᠢᠯ᠂ ᠥᠢᠯᠡᠳᠪᠤᠷᠢᠯᠠᠯ ᠤᠨ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ ᠥᠪᠡᠷ ᠤᠨ ᠭᠠᠷ ᠢᠶᠠᠷ ᠢᠶᠠᠨ ᠠᠮᠢᠳᠤᠷᠠᠯ ᠢᠶᠠᠨ ᠰᠠᠶᠢᠵᠢᠷᠠᠭᠤᠯᠵᠤ ᠪᠠᠶᠠᠵᠢᠨ ᠴᠢᠨᠡᠭᠡᠯᠢᠭᠵᠢᠭᠦ ᠶᠢ ᠪᠠᠳᠤᠯᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号