ᠪᠥᠭᠦ ᠬᠤᠳᠠ ᠶᠢᠨ ᠭᠤᠤᠯᠳᠠᠯᠭ᠎ᠠ ᠲᠠᠢ ᠲᠥᠷᠥᠯ ᠵᠦᠢᠯ ᠭᠤᠤᠯᠳᠠᠯᠭ᠎ᠠ ᠲᠠᠢ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠬᠤᠯᠪᠤᠭᠠᠯᠡᠨ ᠬᠥᠳᠡᠯᠤᠯᠴᠡᠬᠦ ᠲᠤᠬᠳᠠᠴᠡ ᠶᠢᠨ 14 ᠳ᠋ᠤᠭᠡᠷ ᠤᠳᠠᠭᠠᠨ ᠤ ᠠᠯᠪᠠᠯᠠᠬᠤ ᠬᠤᠷᠠᠯ ᠵᠢᠴᠢ ᠭᠤᠤᠯ ᠮᠥᠷᠡᠨ ᠨᠠᠭᠤᠷ ᠴᠥᠬᠦᠷᠥᠮ ᠤᠨ ᠲᠠᠷᠤᠭ᠎ᠠ ᠶᠢᠨ ᠲᠥᠷᠢᠮ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/20
    ᠤᠢᠢᠷ᠎ᠡ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ ᠰᠡᠴᠡᠨᠪᠢᠯᠢᠭ ᠪᠥᠬᠦ ᠬᠤᠳᠠ ᠶᠢᠨ ᠭᠤᠤᠯᠳᠠᠯᠭ᠎ᠠ ᠲᠠᠢ ᠲᠥᠷᠥᠯ ᠵᠦᠢᠯ ᠭᠤᠤᠯᠳᠠᠯᠭ᠎ᠠ ᠲᠠᠢ ᠠᠵᠢᠯ ᠢ ᠨᠢᠬᠡᠳᠤᠯᠳᠠᠢ ᠲᠥᠯᠥᠪᠵᠢᠭᠦᠯᠦᠨ ᠠᠬᠢᠭᠤᠯᠬᠤ ᠬᠤᠯᠪᠤᠭᠠᠯᠡᠨ ᠬᠥᠳᠡᠯᠤᠯᠴᠡᠬᠦ ᠲᠤᠭᠳᠠᠴᠡ ᠶᠢᠨ 14 ᠳ᠋ᠤᠬᠡᠷ ᠤᠳᠠᠭᠠᠨ ᠤ ᠠᠯᠪᠠᠯᠠᠬᠤ ᠬᠤᠷᠠᠯ ᠵᠢᠴᠢ ᠭᠤᠤᠯ ᠮᠥᠷᠡᠨ ᠨᠠᠭᠤᠷ ᠴᠥᠬᠦᠷᠤᠮ ᠤᠨ ᠲᠠᠷᠤᠭ᠎ᠠ ᠶᠢᠨ ᠲᠥᠷᠢᠮ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠲᠡᠳ᠋ ᠲᠠᠷᠤᠭ᠎ᠠ ᠵᠸᠤ ᠱᠤᠸᠠᠢ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠲᠤᠭᠤᠷᠢᠭ᠂ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ᠂ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠠ ᠰᠯᠠᠭ᠎ᠠ ᠮᠥᠴᠢᠷ ᠤᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ  ᠶᠢᠨ ᠬᠤᠷᠠᠯ ᠳᠤ ᠤᠷᠤᠯᠴᠠᠪᠠ᠃     ᠬᠤᠷᠠᠯ ᠠᠴᠠ ᠮᠠᠨ ᠤ ᠬᠤᠳᠠ ᠶᠢᠨ ᠲᠦᠷᠦᠭᠦᠦ ᠭᠤᠷᠪᠠᠨ ᠤᠯᠠᠷᠢᠯ ᠤᠨ ᠳ᠋ᠦᠩᠰᠢᠭᠤᠷ ᠲᠥᠬᠦᠷᠢᠭ ᠠᠴᠠ ᠲᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ᠂ ᠲᠥᠪ ᠤᠨ ᠲᠥᠰᠥᠪ ᠤᠨ ᠲᠤᠳᠤᠷᠠᠬᠢ ᠪᠡᠯᠡ ᠤᠷᠤᠭᠤᠯᠤᠯᠳᠠ ᠶᠢᠨ ᠲᠥᠷᠥᠯ ᠵᠦᠢᠯ ᠪᠠ ᠨᠥᠬᠡᠴᠡᠯᠡᠭᠰᠡᠨ ᠲᠥᠷᠥᠯ ᠵᠦᠢᠯ ᠢ ᠪᠡᠶᠡᠯᠡᠬᠦᠯᠥᠭᠰᠡᠨ ᠪᠠᠶᠢᠳᠠᠯ ᠢ ᠰᠤᠨᠤᠰᠴᠠᠢ᠃     ᠰᠡᠴᠡᠨᠪᠢᠯᠢᠭ ᠵᠢᠭᠠᠵᠤ ᠭᠠᠷᠭᠠᠬᠤ ᠳᠤ ᠪᠠᠨ᠂ ᠤᠳᠤᠬᠠᠨ ᠳᠤ ᠪᠥᠬᠦ ᠬᠤᠳᠠ ᠶᠢᠨ ᠠᠵᠤ ᠠᠬᠤᠢ ᠶᠢᠨ ᠡᠷᠬᠢᠯᠳᠡ ᠳᠤ ᠲᠤᠯᠭᠠᠷᠠᠵᠥ ᠪᠠᠶᠢᠭ᠎ᠠ ᠪᠠᠶᠢᠳᠠᠯ ᠪᠡᠷᠭᠡ ᠪᠤᠳᠤᠯᠢᠶᠠᠨᠳᠠᠢ ᠮᠦᠷᠳᠡᠭᠡᠨ ᠬᠥᠨᠳᠤ ᠬᠡᠴᠡᠬᠦᠥ ᠪᠠᠶᠢᠵᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠬᠡ ᠶᠢ ᠪᠠᠶᠠᠯᠡᠭᠦᠯᠭᠦ ᠪᠠ ᠵᠢᠯ ᠤᠨ ᠡᠬᠦᠷᠬᠡ ᠬᠠᠷᠠᠯᠳᠡ ᠶᠢ ᠪᠡᠶᠡᠯᠡᠬᠦᠯᠬᠦ ᠳᠤ ᠨᠡᠩ ᠢᠯᠡᠬᠦᠥ ᠴᠢᠷᠮᠠᠶᠢᠯᠭ᠎ᠠ ᠭᠠᠷᠭᠠᠬᠤ ᠴᠢᠬᠤᠯᠠᠳᠡᠢ ᠪᠠᠶᠢᠨ᠎ᠡ᠃ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠲᠥᠪ᠂ ᠥᠪᠡᠷᠳᠡᠬᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠡᠯᠡ ᠤᠷᠤᠭᠤᠯᠤᠯᠳᠠ ᠶᠢ ᠲᠤᠭᠳᠠᠭᠤᠨ ᠪᠠᠶᠢᠯᠭᠠᠬᠤ ᠶᠢ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠠᠬᠢᠭᠤᠯᠬᠤ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠤᠯᠭᠠᠨ ᠪᠥᠳᠤᠮᠵᠢᠳᠠᠢ ᠠᠷᠭ᠎ᠠ ᠠᠪᠴᠠᠯ ᠢ ᠬᠡᠷᠡᠭᠵᠢᠬᠦᠯᠵᠦ ᠴᠢᠬᠤᠯᠠ ᠶᠡᠭᠡ ᠲᠥᠷᠥᠯ ᠵᠦᠢᠯ ᠤᠨ ᠪᠥᠳᠥᠬᠡᠨ ᠪᠠᠶᠢᠭᠤᠯᠤᠯᠳᠡ ᠶᠢ ᠠᠬᠢᠭᠤᠯᠬᠤ ᠬᠡᠷᠡᠭᠳᠡᠢ᠃ ᠤᠢᠢᠯᠡᠴᠢᠯᠡᠬᠡᠨ ᠤ ᠪᠥᠳᠥᠮᠵᠢ ᠪᠠᠨ ᠲᠡᠭᠡᠭᠰᠢᠯᠡᠬᠦᠯᠵᠥ ᠲᠥᠷᠥᠯ ᠵᠦᠢᠯ ᠤᠨ ᠭᠠᠷ ᠬᠥᠢᠴᠡᠳᠬᠡᠯ ᠢ ᠬᠥᠢᠴᠡᠳᠬᠡᠬᠦ ᠶᠢ ᠠᠬᠢᠭᠤᠯᠤᠨ ᠠᠵᠤ ᠠᠬᠤᠢᠢᠯᠠᠯ ᠪᠠ ᠲᠥᠷᠥᠯ ᠵᠦᠢᠯ ᠤᠨ ᠬᠠᠷᠢᠭᠤᠴᠠᠯᠭᠠᠳᠠᠨ ᠢ ᠢᠳᠡᠪᠬᠢᠳᠠᠢ ᠬᠠᠪᠰᠤᠷᠤᠨ ᠪᠤᠳᠠᠳᠠᠢ ᠬᠥᠴᠢᠷᠳᠡᠯ ᠢ‌ᠨᠢ ᠰᠢᠢᠳᠪᠤᠷᠢᠯᠡᠵᠥ ᠴᠢᠬᠤᠯᠡ ᠶᠡᠭᠡ ᠲᠥᠷᠥᠯ ᠵᠦᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠡᠢ᠃ ᠲᠥᠷᠥᠯ ᠵᠦᠢᠯ ᠤᠨ ᠪᠥᠳᠥᠬᠡᠨ ᠪᠠᠶᠢᠭᠤᠯᠤᠯᠳᠡ ᠶᠢ ᠴᠢᠩᠭ᠎ᠠ ᠠᠳᠬᠤᠨ ᠡᠪᠤᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠪᠡᠯᠡᠳᠬᠡᠯ ᠢ ᠬᠢᠨᠠᠮᠠᠭᠠᠢ ᠬᠢᠵᠥ ᠲᠥᠷᠥᠯ ᠵᠦᠢᠯ ᠤᠨ ᠪᠡᠯᠡ ᠤᠷᠤᠭᠤᠯᠤᠯᠳᠠ ᠶᠢᠨ ᠬᠥᠴᠥᠯᠡᠴᠡ ᠶᠢ ᠪᠠᠳᠤᠯᠠᠨ  ᠲᠤᠭᠳᠠᠮᠠᠯ ᠬᠥᠷᠥᠩᠬᠡ ᠶᠢᠨ ᠪᠡᠯᠡ ᠤᠷᠤᠭᠤᠯᠤᠯᠳᠡ ᠶᠢᠨ ᠡᠬᠦᠷᠬᠡ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠳᠡᠢ᠃ ︽ᠠᠷᠪᠠᠨ ᠲᠥᠷᠪᠡᠳᠤᠬᠡᠷ ᠲᠠᠪᠤᠨ ᠵᠢᠯ︾ ᠤᠨ ᠲᠥᠯᠥᠪᠵᠢᠬᠦᠯᠬᠡ ᠶᠢ ᠨᠠᠶᠢᠷᠠᠭᠤᠯᠤᠨ ᠲᠤᠭᠲᠠᠭᠠᠬᠤ ᠠᠵᠢᠯ ᠲᠠᠢ ᠤᠶᠠᠯᠳᠤᠭᠤᠯᠤᠨ ᠨᠢᠬᠡ ᠪᠥᠯᠥᠭ ᠴᠢᠬᠤᠯᠠ ᠶᠡᠭᠡ ᠠᠵᠤ ᠤᠢᠢᠯᠡᠰ ᠤᠨ ᠲᠥᠷᠥᠯ ᠵᠦᠢᠯ ᠢ ᠢᠳᠡᠪᠬᠢᠳᠠᠢ ᠰᠡᠳᠭᠢᠨ ᠪᠠᠶᠢᠷᠢᠯᠠᠭᠤᠯᠵᠤ ᠪᠥᠬᠦ ᠬᠤᠳᠠ ᠶᠢᠨ ᠴᠢᠨᠠᠷ ᠰᠠᠶᠢᠳᠠᠢ ᠬᠥᠭᠵᠢᠯᠳᠡ᠂ ᠥᠷᠬᠦᠯᠵᠢᠯᠡᠭᠰᠡᠨ ᠬᠥᠭᠵᠢᠯᠳᠡ ᠳᠤ ᠪᠠᠳᠤ ᠪᠠᠬᠢ ᠰᠠᠭᠤᠷᠢ ᠶᠢ ᠲᠠᠯᠪᠢᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠠᠬᠢᠭᠤᠯᠬᠤ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠤᠨ ᠠᠭᠤᠯᠠ ᠤᠰᠤ ᠣᠶ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠠᠬᠢᠭᠤᠯᠬᠤ ᠪᠣᠳᠠᠲᠠᠶ ᠠᠷᠭ᠎ᠠ ᠠᠪᠴᠠᠯ ᠶᠤᠮ᠂ ᠡᠯ᠎ᠡ ᠱᠠᠲᠤᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠥᠬᠦ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠣᠨᠣᠪᠴᠢᠲᠠᠶ ᠡᠵᠡᠮᠳᠠᠨ ᠡᠯ᠎ᠡ ᠲᠥᠷᠥᠯ ᠤᠨ ᠠᠵᠢᠯ ᠢ ᠰᠠᠶᠢᠲᠤᠷ ᠬᠢᠵᠦ ᠪᠦᠬᠦ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠳᠡᠢ᠃ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠦᠨᠳᠦᠰᠦᠨ ᠱᠠᠲᠤᠨ ᠤ ᠬᠠᠷᠢᠶᠡᠳᠤ ᠭᠠᠵᠠᠷ ᠤᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠬᠠᠷᠢᠭᠤᠴᠠᠯᠭ᠎ᠠ ᠶᠢ  ᠴᠢᠩᠭᠠᠳᠬᠠᠨ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠳᠡᠢ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠪᠦᠬᠦ ᠬᠤᠲᠠ ᠶᠢᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠲᠥᠯᠥᠪᠵᠢᠭᠦᠯᠭᠡ ᠪᠣᠯᠤᠨ ᠲᠤᠰᠬᠠᠢ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠣᠨ ᠲᠥᠯᠥᠪᠵᠢᠭᠦᠯᠭᠡ ᠶᠢᠨ ᠲᠥᠰᠦᠯ ᠤᠨ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ᠂ ᠬᠡᠷᠡᠭᠵᠢᠭᠦᠯᠵᠦ ᠪᠤᠯᠬᠤᠶᠢᠴᠠ ᠴᠢᠨᠠᠷ ᠢ ᠪᠠᠲᠤᠯᠠᠬᠤ ᠬᠡᠷᠡᠭᠳᠡᠢ᠃ ᠭᠤᠣᠯ ᠮᠥᠷᠡᠨ ᠨᠠᠭᠤᠷ ᠴᠥᠭᠦᠷᠥᠮ ᠢ ᠵᠠᠰᠠᠵᠤ ᠬᠠᠮᠠᠭᠠᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ ᠡᠯ᠎ᠡ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠳᠡᠢ᠃ ᠤᠰᠤ ᠬᠡᠷᠡᠭᠯᠡᠬᠦ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠵᠤ ᠲᠠᠷᠢᠶᠠᠯᠠᠩ᠂ ᠠᠵᠤ ᠦᠢᠯᠡᠳᠪᠤᠷᠢ᠂ ᠬᠤᠲᠠ ᠶᠢᠨ ᠰᠠᠭᠤᠭᠠᠯᠢ ᠠᠷᠠᠳ ᠤᠨ ᠤᠰᠤ ᠬᠡᠷᠡᠭᠯᠡᠬᠦ ᠳᠤ ᠠᠷᠪᠢᠲᠠᠶ᠂ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠵᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠴᠢᠷᠮᠠᠶᠢᠨ ᠪᠠᠶᠢᠭᠤᠯᠬᠤ ᠬᠡᠷᠡᠭᠳᠡᠢ ᠭᠡᠵᠡᠢ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号