ᠯᠢ ᠺᠧ ᠴᠢᠶᠠᠩ ᠴᠤᠬᠤᠯᠠᠪᠤᠷᠢ ᠦᠭᠴᠡᠢ | ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 17 ᠤ ᠴᠠᠬᠢᠯᠭᠠᠨ ᠮᠡᠳᠡᠭᠡ ᠳᠤᠯᠤᠳᠡᠬᠢ ᠤᠯᠤᠰ ᠤᠨ | ᠶᠠᠳᠠᠭᠤ ᠶᠢ ᠲᠡᠳᠬᠦᠬᠦ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠥᠭᠴᠦ | ᠴᠢᠬᠤᠯᠠᠴᠢᠯᠠᠭᠰᠠᠨ ᠨᠢ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ | ᠬᠢᠬᠦ ᠵᠢᠯ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠬᠦᠨᠳᠦ | ᠨᠣᠴᠢᠲᠠᠶ ᠦᠶᠡᠷ ᠤᠰᠤᠲᠤᠯ ᠤᠨ ᠭᠠᠮᠰᠢᠭ ᠤᠨ ᠰᠢᠯᠭᠠᠯᠲᠠ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠬᠦᠯᠬᠦ ᠬᠠᠷᠠᠯᠳᠠ ᠵᠤᠷᠢᠬ ᠡᠷᠡᠰ ᠭᠤᠶᠢᠪᠢᠰᠢ ᠦᠭᠡᠢ ᠪᠠᠶᠢᠵᠦ᠂ ᠪᠦᠬᠦ ᠨᠠᠮ ᠪᠦᠬᠦ ᠨᠡᠶᠢᠭᠡᠮ ᠢᠶᠠᠷ ᠢᠶᠠᠨ | ᠬᠦᠴᠦ ᠪᠠᠨ ᠬᠠᠮᠲᠤᠳᠬᠠᠵᠤ ᠰᠡᠳᠬᠢᠯ ᠢᠶᠠᠨ ᠨᠢᠭᠡᠳᠬᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠶᠠᠳᠠᠭᠤ | ᠬᠦᠴᠢᠷᠳᠡᠯᠲᠡᠢ ᠭᠠᠵᠠᠷ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠰᠢᠷᠭᠠᠭᠤ ᠬᠠᠲᠠᠭᠤᠵᠢᠯᠲᠠᠢ ᠲᠡᠮᠡᠴᠡᠵᠦ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠰᠢᠢᠳᠪᠦᠷᠢᠲᠦ ᠴᠢᠨᠠᠷᠲᠠᠢ ᠠᠮᠵᠢᠯᠲᠠ ᠣᠯᠵᠠᠢ᠃ ᠤᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠡᠴᠦᠰ ᠤᠨ ᠱᠠᠲᠤᠨ ᠳᠤ ᠤᠷᠤᠪᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ | ᠡᠷᠬᠡᠪᠰᠢ ᠪᠤᠭᠤᠮᠳᠠ ᠰᠢᠪᠳᠤᠯᠬᠤ ᠪᠠᠶᠢᠳᠠᠯ ᠢᠶᠠᠨ ᠪᠠᠲᠤᠯᠠᠵᠤ᠂ ᠰᠠᠶᠢᠨ ᠢᠶᠠᠷ ᠡᠬᠢᠯᠡᠬᠦᠯᠵᠥ ᠰᠠᠶᠢᠨ ᠢᠶᠠᠷ ᠲᠡᠭᠦᠰᠬᠡᠵᠦ᠂ | ᠴᠢᠳᠠᠮᠠᠭᠠᠢ ᠠᠵᠢᠯᠯᠠᠨ ᠦᠷ᠎ᠡ ᠪᠦᠳᠦᠮᠵᠢ ᠭᠠᠷᠭᠠᠵᠥ᠂ ᠪᠦᠷᠢᠨ ᠢᠯᠠᠯᠲᠠ ᠣᠯᠬᠤ ᠦᠭᠡᠢ ᠪᠣᠯ ᠶᠠᠭᠠᠬᠢᠭᠰᠠᠨ ᠴᠤ | ᠴᠡᠷᠢᠭ ᠢᠶᠠᠨ ᠳᠠᠳᠠᠵᠥ ᠪᠤᠯᠬᠤ ᠦᠭᠡᠢ ᠬᠡᠪᠡ᠃ | ᠰᠢ ᠶᠢᠨ ᠫᠢᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠬᠰᠠᠨ ᠲᠤᠷᠰᠢᠯᠭ᠎ᠠ ᠪᠠᠨ ᠳ᠋ᠦᠩᠨᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠪᠠᠶᠢᠭᠤᠯᠤᠮᠵᠢ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠦᠷᠦ ᠶᠢᠨ ᠪᠤᠳᠤᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠳᠡᠢ᠃ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠵᠦ᠂ ᠬᠥᠳᠡᠯᠮᠦᠷᠢᠯᠡᠬᠦ ᠴᠢᠳᠠᠪᠤᠷᠢ ᠲᠠᠢ ᠣᠷᠣᠯᠭ᠎ᠠ ᠪᠠᠭᠠᠲᠠᠶ ᠬᠥᠮᠦᠨ ᠠᠮᠠ ᠶᠢᠨ ᠠᠵᠢᠯᠴᠢ | ᠬᠥᠳᠡᠯᠮᠦᠷᠢ ᠪᠠᠷ ᠢᠶᠠᠨ ᠪᠠᠶᠠᠵᠢᠨ ᠴᠢᠨᠡᠭᠡᠯᠢᠭᠵᠢᠬᠦ ᠶᠢ ᠵᠣᠷᠢᠭᠵᠢᠭᠤᠯᠵᠤ᠂ ᠪᠦᠬᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠲᠡᠶᠢᠰᠢ ᠦᠷᠭᠦᠯᠵᠢᠯᠡᠨ ᠤᠷᠤᠭᠰᠢᠯᠠᠬᠤ ᠬᠡᠷᠡᠭᠳᠡᠢ | ᠬᠡᠵᠥ ᠵᠢᠭᠠᠵᠥ ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠴᠣᠬᠤᠯᠠᠪᠤᠷᠢ ᠥᠭᠴᠦ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠳᠤᠭᠤᠰᠢᠯᠠᠭᠤᠯᠵᠥ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ | ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠣᠨᠴᠠ ᠶᠠᠳᠠᠭᠤ ᠬᠦᠴᠢᠷᠳᠡᠯ ᠤᠨ ᠪᠠᠬᠢᠯᠡᠯᠳᠡ ᠶᠢ ᠢᠯᠡᠨ | ᠳᠠᠪᠠᠭ᠋ᠤ ᠠᠵᠢᠯ ᠢ ᠫᠠᠶᠢᠰᠠ ᠡᠯᠭᠦᠨ ᠵᠢᠯᠣᠭᠤᠳᠴᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ | ᠪᠠᠶᠢᠭᠠᠳ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠣᠨᠳᠣᠤ ᠭᠠᠵᠠᠷ ᠨᠡᠭᠦᠯᠭᠡᠨ ᠶᠠᠳᠠᠭᠤ ᠶᠢ | ᠲᠡᠳᠬᠦᠬᠦ ᠰᠡᠭᠦᠯᠴᠢ ᠶᠢᠨ ᠲᠡᠳᠬᠦᠮᠵᠢ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ | ᠠᠶᠤᠯ ᠲᠦᠭᠰᠢᠭᠦᠷᠢ ᠲᠠᠢ ᠬᠥᠮᠦᠨ ᠠᠮᠠ ᠶᠢ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠬᠦ ᠶᠢ ᠤᠷᠢᠳᠴᠢᠯᠠᠨ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠣᠷᠭᠠᠨᠢᠭ ᠢᠶᠠᠷ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠴᠢᠷᠮᠠᠶᠢᠨ | ᠠᠬᠢᠭᠤᠯᠬᠤ ᠪᠠᠷ ᠳᠠᠮᠵᠢᠭᠤᠯᠵᠤ᠂ ᠠᠷᠠᠳ ᠤᠯᠠᠨ ᠤ ᠠᠵᠠ ᠵᠢᠷᠭᠠᠯ ᠢ ᠨᠡᠮᠡᠭᠳᠡᠭᠦᠯᠬᠦ᠂ ᠠᠵᠤ ᠠᠬᠤᠢ ᠨᠡᠶᠢᠭᠡᠮ ᠤᠨ | ᠦᠷᠭᠦᠯᠵᠢᠯᠡᠨ ᠡᠷᠡᠬᠦᠯ ᠢᠶᠠᠷ ᠬᠥᠭᠵᠢᠬᠦ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠳᠡᠢ︕ | ᠬᠡᠵᠥ ᠵᠢᠭᠠᠵᠥ ᠭᠠᠷᠭᠠᠪᠠ᠃ | ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠵᠢᠴᠢ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ 17 ᠤ ᠦᠳᠡ ᠶᠢᠨ ᠡᠮᠦᠨ᠎ᠡ | ᠪᠡᠭᠡᠵᠢᠩ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠯᠢ ᠺᠧ ᠴᠢᠶᠠᠩ ᠤᠨ | ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ | ᠳᠤᠭᠤᠶᠢᠯᠠᠩ ᠤᠨ ᠳᠠᠷᠤᠭ᠎ᠠ ᠬᠤ᠋ ᠴᠦᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠡᠷᠡ᠂ ᠪᠣᠭᠤᠮᠲᠠ | ᠰᠢᠪᠲᠤᠯᠬᠤ ᠤᠷᠬᠢᠯᠤᠮ᠎ᠠ ᠬᠠᠯᠠᠭᠤᠨ ᠡᠷᠴᠢ ᠵᠣᠷᠢᠭ ᠢᠶᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ | ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ | ᠣᠯᠭᠤᠬᠤ ᠶᠢ ᠪᠦᠬᠦ ᠬᠦᠴᠦᠨ ᠢᠶᠠᠷ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠦᠢᠯᠡᠳᠬᠦᠨ ᠤ | ᠪᠣᠷᠣᠯᠠᠭᠤᠯᠤᠯᠲᠠ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠳᠠᠢ᠃ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠵᠦ᠂ | ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠦᠷᠭᠦᠯᠵᠢᠯᠡᠨ ᠠᠬᠢᠭᠤᠯᠵᠤ᠂ ᠣᠨᠳᠣᠣ | ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠰᠡᠭᠦᠯᠴᠢ ᠶᠢᠨ ᠲᠡᠳᠬᠦᠮᠵᠢ ᠶᠢ ᠴᠢᠩᠭᠠᠳᠬᠠᠵᠥ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠴᠢᠨᠠᠬᠰᠢᠳᠠ ᠪᠦᠷᠢᠨᠰᠢᠭᠦᠯᠬᠦ ᠬᠡᠷᠡᠭᠳᠡᠢ᠃ | ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠰᠢᠯᠵᠢᠯᠲᠡ ᠶᠢᠨ | ᠬᠤᠭᠤᠴᠠᠭᠠᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠤᠨ ᠰᠢᠯᠵᠢᠯᠳᠡ ᠶᠢ ᠦᠨᠡᠨ ᠬᠦ | ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠳᠡᠢ᠃ ᠱᠠᠩᠨᠠᠯ ᠬᠦᠷᠳᠡᠭᠰᠡᠳ ᠢᠷᠠᠭᠤ ᠠᠯᠳᠠᠷ ᠢᠶᠠᠨ ᠨᠠᠨᠳᠢᠩᠨᠠᠵᠤ | ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠰᠠᠶᠢᠳᠤᠷ ᠦᠯᠢᠭᠡᠷ ᠳᠠᠭᠤᠷᠢᠶᠠᠯ ᠪᠤᠯᠵᠤ᠂ ᠲᠠᠬᠢᠨ ᠰᠢᠨ᠎ᠡ | ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ ᠬᠡᠵᠢ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠱᠠᠩᠨᠠᠯ | ᠬᠦᠷᠳᠡᠭᠰᠡᠳ ᠢ ᠬᠥᠬᠢᠭᠦᠯᠦᠨ ᠰᠠᠶᠢᠰᠢᠶᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ | ᠠᠶᠢᠮᠠᠭ ᠤᠨ ᠲᠦᠴᠢᠦᠸᠠᠨ ᠰᠢᠶᠠᠨ᠂ ᠠᠨᠾᠦ᠋ᠢ ᠮᠤᠵᠢ ᠶᠢᠨ ᠰᠦᠵᠧᠦ ᠬᠤᠲᠠ ᠶᠢᠨ ᠰᠧ ᠰᠢᠶᠠᠨ ᠪᠣᠯᠤᠨ | ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠯᠢᠦᠵᠸᠤ ᠬᠤᠲᠠ ᠶᠢᠨ ᠷᠦᠩ ᠱᠦᠶ | ᠮᠢᠶᠣᠣ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠠᠨ ᠵᠢᠶᠧ ᠰᠢᠶᠠᠩ ᠤᠨ ᠵᠢᠶᠠᠩ ᠮᠧᠨ ᠲᠣᠰᠬᠤᠨ ᠤ | ᠲᠣᠰᠬᠤᠨ ᠤ ᠠᠷᠠᠳ ᠤᠨ ᠵᠦᠪᠯᠡᠯ ᠤᠨ ᠡᠷᠬᠢᠯᠡᠭᠴᠢ ᠶᠠᠩ ᠨᠢᠩ᠂ ᠾᠧᠨᠠᠨ ᠮᠤᠵᠢ ᠶᠢᠨ ᠵᠧᠤᠺᠸᠦ ᠬᠤᠲᠠ ᠶᠢᠨ | ᠲᠠᠶᠢᠺᠠᠩ ᠰᠢᠶᠠᠨ ᠤ ᠮᠠᠴᠠᠩ ᠪᠠᠯᠭᠠᠰᠤᠨ ᠤ ᠴᠢᠶᠠᠨᠾᠧ ᠲᠣᠰᠬᠤᠨ ᠤ ᠨᠢᠭᠡᠳᠦᠭᠡᠷ ᠱᠦᠵᠢ ᠬᠠᠨ ᠢᠦᠶ ᠨᠠᠨ᠂ | ᠵᠢᠶᠠᠩᠰᠢ ᠮᠤᠵᠢ ᠶᠢᠨ ᠢᠴᠦ᠋ᠨ ᠬᠤᠲᠠ ᠶᠢᠨ ᠹᠧᠩᠰᠢᠨ ᠰᠢᠶᠠᠨ ᠤ ᠽᠤᠤᠰᠢᠶᠠ ᠪᠠᠯᠭᠠᠰᠤᠨ ᠤ ᠪᠠᠶ ᠶᠠᠩ ᠵᠢᠭᠠᠨ | ᠰᠤᠷᠭᠠᠬᠤ ᠴᠡᠭ ᠤᠨ ᠪᠠᠭᠰᠢ ᡁᠢ ᠶᠤᠸᠠᠢ ᠶᠢᠩ᠂ ᠴᠢᠯᠥᠭᠡᠯᠡᠬᠦ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ | ᠲᠠᠪᠤᠳᠤᠭᠠᠷ ᠠᠨᠠᠭᠠᠬᠤ ᠤᠬᠠᠭᠠᠨ ᠤ ᠲᠥᠪ ᠤᠨ ᠤᠤᠯ ᠤᠨ ᠡᠯᠢᠭᠡ ᠰᠥᠰᠥᠨ ᠤ ᠭᠠᠳᠠᠷ ᠰᠠᠯᠠᠭᠠᠨ ᠤ ᠬᠤᠶᠠᠳᠤᠭᠠᠷ | ᠲᠥᠪ ᠤᠨ ᠰᠢᠯᠵᠢᠭᠦᠯᠦᠨ ᠰᠠᠭᠤᠯᠭᠠᠬᠤ ᠭᠠᠳᠠᠷ ᠰᠠᠯᠠᠭᠠᠨ ᠤ ᠳᠡᠳ᠋ ᠡᠷᠬᠢᠯᠡᠭᠴᠢ ᠵᠦ ᠵᠧᠨ ᠢᠦᠶ ᠵᠡᠷᠭᠡ ᠱᠠᠩᠨᠠᠯ | ᠬᠦᠷᠳᠡᠭᠰᠡᠨ ᠲᠡᠷᠢᠭᠦᠨ ᠤ ᠨᠢᠭᠡᠴᠢ ᠪᠣᠯᠤᠨ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠮᠡᠳᠡᠭᠦᠯᠦᠯᠲᠡ ᠬᠢᠪᠡ᠃ | ᠬᠤᠷᠠᠯ ᠨᠢ ᠲᠧᠯᠸᠢᠰ ᠤᠳᠠᠰᠤ ᠬᠤᠷᠠᠯ ᠤᠨ ᠬᠡᠯᠪᠡᠷᠢ ᠪᠠᠷ ᠬᠤᠷᠠᠯᠳᠤᠪᠠ᠃ 2020 ᠣᠨ ᠤ ᠪᠦᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠩᠨᠠᠯ ᠬᠦᠷᠲᠡᠭᠰᠡᠳ᠂ ᠲᠥᠷᠥ ᠶᠢᠨ ᠶᠠᠪᠤᠳᠠᠯ ᠤᠨ | ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠤᠤᠯ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ | ᠬᠤᠳᠠ ᠪᠤᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠬᠡᠨ ᠪᠠᠶᠢᠭᠤᠯᠤᠯᠳᠠ ᠶᠢᠨ ᠪᠢᠩᠲ᠋ᠤᠸᠠᠨ ᠤ ᠶᠡᠳᠡᠭᠤ ᠶᠢ | ᠳᠡᠳᠬᠦᠵᠥ ᠨᠡᠬᠡᠬᠡᠨ ᠬᠦᠭᠵᠢᠬᠦᠯᠬᠦ ᠤᠳᠤᠷᠢᠳᠬᠤ ᠳᠤᠭᠤᠢᠢᠯᠠᠩ᠂ ᠵᠡᠬᠦᠨ ᠪᠠᠷᠠᠭᠤᠨ ᠤᠷᠤᠨ ᠤ ᠶᠠᠳᠠᠭᠤ ᠶᠢ ᠳᠡᠳᠬᠦᠬᠦ | ᠬᠠᠮᠵᠢᠯᠴᠠᠭᠠᠨ ᠤ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠡᠯ᠎ᠡ ᠭᠠᠵᠠᠷ ᠤᠨ ᠬᠤᠪᠢᠶᠠᠷᠢ ᠬᠤᠷᠠᠯ ᠤᠨ | ᠳᠠᠯᠠᠪᠠᠢ ᠳᠤ ᠬᠤᠷᠠᠯ ᠳᠤ ᠤᠷᠤᠯᠴᠠᠪᠠ᠃ |