10 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠬᠤᠰᠢᠭᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠰᠬᠠᠶ ᠴᠡᠭᠴᠡᠯᠠᠨ ᠵᠠᠰᠠᠬᠤ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ | ᠭᠡᠷ ᠲᠡᠭᠡᠨ ᠪᠠᠶᠢᠭ᠎ᠠ ᠬᠤᠰᠢᠭᠤ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠠᠵᠤ ᠠᠬᠤᠶ ᠶᠢᠨ ᠨᠡᠭᠡᠭᠡᠯᠲᠡ ᠶᠢᠨ | ᠲᠤᠭᠤᠷᠢᠭ ︵ᠬᠦᠷᠢᠶᠡᠯᠡᠩ ᠲᠣᠭᠤᠷᠢᠭ︶᠂ ᠰᠤᠮᠤ ᠪᠠᠯᠭᠠᠰᠤ ᠵᠢᠴᠢ ᠬᠤᠰᠢᠭᠤ ᠰᠢᠭᠤᠳ ᠬᠠᠷᠢᠶ᠎ᠠ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠧᠨᠵᠧᠨ ᠤ ᠠᠵᠤ ᠠᠬᠤᠢ ᠶᠢᠨ ᠣᠨᠴᠠᠭᠠᠢ ᠣᠷᠣᠨ | ᠪᠠᠶᠢᠭᠤᠯᠤᠭᠳᠠᠭᠰᠠᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠪᠣᠯᠤᠨ ᠲᠥᠪ ᠤᠨ ᠨᠠᠮ ᠤᠨ ᠰᠤᠷᠭᠠᠭᠤᠯᠢ ︵ | ᠤᠯᠤᠰ ᠤᠨ ᠵᠠᠰᠠᠭ ᠵᠠᠭᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷ ᠤᠨ ᠪᠣᠯᠪᠠᠰᠤᠷᠠᠯ ᠤᠨ | ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠤᠢᠢᠷ᠎ᠠ ᠶᠢᠨ | ᠬᠤᠭᠤᠴᠠᠭᠠᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ | ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | | | | | | | ᠡᠷᠳᠡᠨᠢᠪᠢᠯᠢᠭ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠤᠷᠢᠳᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠤᠯᠤᠰ ᠲᠥᠷᠥ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ᠂ ᠤᠶᠢᠯᠠ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠨ ᠦᠵᠡᠯ ᠰᠠᠨᠠᠭ᠎ᠠ | ᠲᠠᠨᠢᠯᠲᠠ ᠪᠠᠨ ᠨᠢᠭᠡᠳᠬᠡᠵᠦ ᠲᠣᠭᠤᠷᠢᠨ ᠪᠠᠶᠢᠴᠠᠭᠠᠬᠤ ᠠᠵᠢᠯ ᠢ ᠴᠢᠬᠤᠯᠠᠴᠢᠯᠠᠨ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ ︽ᠳᠥᠷᠪᠡᠨ ᠢᠲᠡᠭᠡᠯ︾ ᠢᠶᠠᠨ ᠪᠠᠳᠤᠳᠬᠠᠨ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠵᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠲᠣᠭᠤᠷᠢᠨ ᠪᠠᠶᠢᠴᠠᠭᠠᠬᠤ ᠠᠵᠢᠯ ᠲᠠᠢ ᠢᠳᠡᠪᠬᠢᠲᠡᠢ ᠬᠠᠮᠵᠢᠯᠴᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ ᠤᠯᠤᠰ | ᠲᠥᠷᠥ ᠶᠢᠨ ᠠᠮᠢ ᠠᠬᠤᠶ ᠪᠠ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠭᠦ | ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ ᠴᠢᠩᠭ᠎ᠠ ᠠᠳᠬᠤᠨ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠬᠢᠵᠤ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ ᠨᠡᠶᠢᠭᠡᠮ ᠤᠨ | ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠳᠤᠯᠠᠬᠤ ᠭᠡᠷᠡᠭᠳᠠᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠵᠢᠭᠦᠯᠦᠨ ᠠᠭᠢᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠲᠤᠭᠲᠠᠭᠠᠬᠤ ᠠᠵᠢᠯ ᠢ ᠴᠢᠨᠠᠷ ᠰᠠᠶᠢᠳᠠᠢ ᠬᠢᠵᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ | ᠬᠥᠭᠵᠢᠯᠲᠡ ᠳᠤ ᠰᠠᠶᠢᠨ ᠡᠭᠢᠯᠠᠯᠳᠠ ᠲᠠᠢ ᠪᠤᠯᠭᠠᠬᠤ ᠭᠡᠷᠡᠭᠳᠠᠢ᠃ ᠴᠢᠳᠠᠪᠤᠷᠢ ᠶᠢᠨ ᠪᠠᠶᠢᠭᠤᠯᠤᠯᠲᠠᠶᠢ ᠪᠦᠬᠦ ᠲᠠᠯ᠎ᠠ ᠪᠠᠷ | ᠴᠢᠩᠭᠠᠳᠬᠠᠵᠤ ᠪᠣᠳᠠᠲᠠᠢ ᠠᠰᠠᠭᠤᠳᠠᠯ ᠢ ᠰᠢᠢᠳᠪᠤᠷᠢᠯᠠᠭᠦ ᠴᠢᠳᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠠᠭᠦᠯᠭᠦ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ | ᠤᠬᠠᠭᠤᠯᠭ᠎ᠠ ᠬᠥᠮᠦᠵᠢᠯ ᠬᠢᠵᠦ ᠬᠥᠲᠥᠯᠥᠨ ᠵᠢᠯᠣᠭᠤᠳᠬᠤ ᠶᠢ ᠦᠷᠭᠦᠯᠵᠢᠯᠡᠨ ᠴᠢᠩᠭᠠᠳᠬᠠᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠠᠴᠢ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠭᠢᠵᠢᠭᠦᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠥᠨ ᠰᠠᠭᠤᠭᠳᠠᠭᠤᠯᠬᠤ ᠭᠡᠷᠡᠭᠳᠠᠢ ᠭᠡᠵᠡᠢ᠃ | ᠬᠤᠷᠠᠯ ᠠᠴᠠ ᠪᠠᠰᠠ ᠪᠤᠰᠤᠳ ᠬᠡᠷᠡᠭ ᠶᠠᠪᠤᠳᠠᠯ ᠢ ᠬᠢᠨᠠᠨ ᠵᠥᠪᠯᠡᠪᠡ᠃ |