ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠨᠢ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/10/20
     ᠡᠨᠡ ᠵᠢᠯ ᠠᠴᠠ ᠨᠠᠰᠢ ᠮᠠᠨ ᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠭᠡᠷᠡᠭᠵᠢᠭᠦᠯᠤᠨ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ ᠠᠵᠤ ᠦᠢᠯᠡᠰ ᠤᠨ ᠳᠡᠰ ᠳᠡᠪᠰᠢᠬᠦ ᠶᠢ ᠲᠦᠷᠭᠡᠳᠬᠡᠨ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠶᠢ ᠳᠣᠪᠤᠶᠢᠯᠭᠠᠵᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠵᠤ ᠪᠠᠶᠢᠨ᠎ᠠ᠃      ᠨᠠᠮᠤᠷ ᠤᠨ ᠤᠯᠠᠷᠢᠯ ᠭᠥᠷᠴᠤ ᠢᠷᠠᠭᠦ ᠪᠠᠷ ᠡᠯ᠎ᠡ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠬᠦᠨ ᠵᠠᠯᠭᠠᠪᠡᠷ ᠵᠠᠬ᠎ᠠ ᠳᠡᠯᠭᠡᠭᠦᠷ ᠲᠤ ᠭᠠᠷᠬᠤ ᠶᠢ ᠳᠠᠭᠠᠯᠳᠤᠨ ᠭᠠᠯᠠᠭᠤᠲᠤ ᠪᠠᠯᠭᠠᠰᠤᠨ ᠤ ᠲᠠᠪᠴᠠᠭ ᠲᠣᠰᠬᠤᠨ ᠤ ᠵᠠᠩ ᠯᠢᠶᠠᠩ ᠼᠦᠢ ᠶᠢᠨ ᠤᠷᠲᠤ ᠪᠤᠷᠴᠠᠭ ᠪᠣᠯᠤᠨ ᠨᠤᠳᠤᠭ ᠤᠨ ᠲᠤᠭᠤᠷ ᠴᠤ ᠵᠠᠬ᠎ᠠ ᠳᠡᠯᠭᠡᠭᠦᠷ ᠲᠤ ᠭᠠᠷᠴᠤ ᠲᠤᠩ ᠰᠠᠶᠢᠨ ᠤᠷᠤᠯᠭ᠎ᠠ ᠤᠯᠵᠠᠢ᠃ ᠵᠠᠩ ᠯᠢᠶᠠᠩ ᠼᠦᠢ᠄ ︽ᠡᠨᠡ ᠵᠢᠯ ᠢᠳᠡᠰᠢᠨ ᠨᠣᠭᠤᠭ᠎ᠠ ᠲᠠᠷᠢᠬᠰᠠᠨ ᠲᠠᠷᠢᠶᠠᠴᠢᠳ ᠢᠳᠡᠰᠢᠨ ᠨᠣᠭᠤᠭ᠎ᠠ ᠭᠤᠸᠠ ᠵᠢᠮᠢᠰ ᠢᠶᠠᠨ ᠴᠥᠮ ᠰᠠᠶᠢᠨ ᠦᠨ᠎ᠡ ᠪᠠᠷ ᠬᠤᠳᠠᠯᠳᠤᠭᠰᠠᠨ ᠪᠠᠶᠢᠨ᠎ᠠ᠂ ᠡᠨᠡ ᠨᠢ ᠲᠣᠰᠬᠤᠨ ᠠᠴᠠ ᠲᠠᠷᠢᠶᠠᠴᠢᠨ ᠡᠷᠦᠬᠡ ᠳᠤ ᠬᠠᠩᠭᠠᠭᠰᠠᠨ ᠮᠡᠷᠭᠡᠵᠢᠯ ᠤᠨ ᠵᠢᠯᠤᠭᠤᠳᠤᠯᠭ᠎ᠠ ᠶᠢᠨ ᠠᠴᠢ ᠲᠤᠰᠠ ᠪᠣᠯᠬᠤ ᠶᠤᠮ︾ ᠭᠡᠵᠤ ᠪᠠᠶᠢᠯ᠎ᠠ᠃      ᠵᠠᠩ ᠯᠢᠶᠠᠩ ᠼᠦᠢ᠄ ︽ᠡᠨᠡ ᠵᠢᠯ ᠪᠤᠯ ᠡᠯᠪᠡᠭ ᠬᠤᠷᠢᠶᠠᠯᠲᠠ ᠶᠢᠨ ᠵᠢᠯ ᠪᠣᠯᠤᠨ᠎ᠠ᠃ ᠤᠤᠯ ᠳᠠᠭᠠᠨ ᠪᠢᠳᠠᠨ  ᠤ ᠢᠳᠡᠰᠢᠨ ᠨᠤᠭᠤᠭᠠᠨ ᠤ ᠬᠦᠯᠡᠮᠵᠢ ᠴᠥᠭᠡᠨ᠂ ᠲᠦᠷᠦᠯ ᠵᠦᠢᠯ ᠨᠢ ᠳᠠᠩ ᠴᠤᠯᠭᠤᠢ ᠪᠠᠶᠢᠭᠰᠠᠨ᠂ ᠨᠢᠳᠤᠨᠤᠨ ᠠᠴᠠ ᠠᠷᠪᠠᠨ ᠳᠣᠯᠣᠭᠠᠨ ᠬᠦᠯᠡᠮᠵᠢ ᠨᠡᠮᠡᠵᠤ ᠪᠠᠶᠢᠭᠤᠯᠤᠨ ᠮᠡᠷᠭᠡᠵᠢᠯ ᠤᠨ ᠲᠠᠯ᠎ᠠ ᠶᠢᠨ ᠵᠢᠯᠣᠭᠤᠳᠤᠯᠭ᠎ᠠ ᠲᠠᠢ ᠪᠤᠯᠤᠭᠰᠠᠨ  ᠠᠴᠠ ᠨᠣᠭᠤᠭ᠎ᠠ ᠵᠢᠮᠢᠰ ᠤᠨ ᠲᠥᠷᠥᠯ ᠵᠦᠢᠯ ᠨᠡᠮᠡᠭᠳᠠᠨ ᠶᠠᠰᠤ ᠴᠢᠨᠠᠷ ᠲᠡᠭᠡᠭᠰᠢᠯᠠᠵᠤ ᠤᠷᠤᠯᠭ᠎ᠠ ᠴᠤ ᠨᠡᠮᠡᠭᠳᠡᠭᠰᠠᠨ ᠪᠠᠶᠢᠨ᠎ᠠ︾ ᠬᠡᠪᠡ᠃      ᠭᠠᠯᠠᠭᠤᠲᠤ ᠪᠠᠯᠭᠠᠰᠤᠨ ᠤ ᠲᠠᠪᠴᠠᠭ ᠲᠣᠰᠬᠤᠨ ᠤ ᠬᠠᠮᠲᠤ ᠶᠢᠨ ᠲᠥᠬᠦᠭᠡᠷᠦᠮᠵᠢᠲᠦ ᠲᠠᠷᠢᠶᠠᠯᠠᠩ ᠤᠨ ᠲᠠᠷᠢᠶᠠᠨ ᠭᠠᠵᠠᠷ ᠨᠢ ᠬᠤᠲᠠ ᠶᠢᠨ ᠲᠡᠭᠦᠷᠭᠡ ᠳᠤ ᠪᠠᠶᠢᠵᠤ ᠵᠠᠮ ᠬᠠᠷᠢᠯᠴᠠᠭ᠎ᠠ ᠳᠥᠭᠦᠮ ᠳᠥᠲᠡ ᠶᠤᠮ᠃ ᠠᠳᠡ ᠤᠤᠯ ᠨᠢ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠪᠣᠯᠤᠨ ᠠᠮᠢᠳᠤᠷᠠᠯ ᠤᠨ ᠬᠤᠭ ᠨᠣᠪᠰᠢ ᠶᠢ ᠣᠪᠣᠭᠠᠯᠠᠬᠤ ᠭᠠᠵᠠᠷ ᠪᠠᠶᠢᠵᠠᠶ᠃ ᠡᠨᠡ ᠵᠢᠯ ᠠᠴᠠ ᠨᠠᠰᠢ ᠲᠠᠪᠴᠠᠭ ᠲᠣᠰᠬᠤᠨ ︽3+1︾ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠪᠠᠶᠢᠭᠤᠯᠬᠤ ᠪᠠᠶᠢᠭᠤᠯᠭ᠎ᠠ ᠪᠤᠯᠬᠤ ᠮᠠᠨ ᠤ ᠬᠤᠰᠢᠭᠤᠨ ᠤ ᠬᠤᠲᠠ ᠶᠢᠨ ᠣᠯᠠᠨ ᠨᠡᠶᠢᠲᠡ ᠶᠢᠨ ᠶᠠᠪᠤᠳᠠᠯ ᠤᠨ ᠬᠥᠭᠵᠢᠯᠲᠡ ᠶᠢᠨ ᠲᠥᠪ ᠤᠨ ᠬᠠᠪᠰᠤᠷᠤᠯᠭ᠎ᠠ ᠲᠤᠤᠷ᠎ᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠪᠡ᠃ ᠡᠭᠦᠨ ᠤ ᠬᠠᠮᠲᠤ ᠪᠠᠰᠠ ᠨᠢᠭᠡ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠪᠠᠶᠢᠭᠤᠯᠬᠤ ᠪᠠᠶᠢᠭᠤᠯᠭ᠎ᠠ ᠪᠤᠯᠬᠤ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠲᠠᠷᠢᠮᠠᠯ ᠤᠨ ᠡᠷᠦᠬᠡ ᠳᠤ ᠮᠡᠷᠭᠡᠵᠢᠯ ᠤᠨ ᠵᠢᠯᠤᠭᠤᠳᠤᠯᠭ᠎ᠠ᠂ ᠰᠢᠨ᠎ᠡ ᠮᠡᠷᠭᠡᠵᠢᠯ ᠂ ᠰᠢᠨ᠎ᠡ ᠲᠥᠷᠥᠯ ᠵᠦᠢᠯ ᠢ ᠲᠡᠯᠭᠡᠷᠠᠭᠦᠯᠤᠨ ᠲᠤᠰᠬᠠᠶ ᠬᠤᠷᠰᠢᠶᠠᠵᠢᠯ ᠪᠠᠶᠢᠭᠤᠯᠵᠤ ᠤᠤᠯ ᠤᠨ ︽ᠲᠠᠪᠴᠠᠭ ᠪᠠᠯᠭᠠᠰᠤᠨ ᠤ ᠢᠳᠡᠰᠢᠨ ᠨᠤᠭᠤᠭ᠎ᠠ ᠲᠠᠷᠢᠵᠤ ᠪᠠᠶᠢᠬᠤ ᠲᠠᠷᠢᠶᠠᠴᠢᠳ︾ ᠤᠨ ᠳᠠᠪᠠᠭᠤᠯᠢᠭ ᠢ ᠪᠠᠳᠠᠷᠠᠭᠤᠯᠤᠨ ᠠᠰᠢᠭ ᠲᠤᠰᠠ ᠶᠢᠨ ᠬᠤᠯᠪᠤᠭᠠᠳᠤ ᠲᠤᠭᠳᠠᠯᠴᠠᠭ᠎ᠠ ᠶᠢ ᠪᠠᠶᠢᠭᠤᠯᠵᠤ ᠲᠤᠰ ᠭᠠᠵᠠᠷ ᠪᠣᠯᠤᠨ ᠣᠶᠢᠷ᠎ᠠ ᠬᠠᠪᠢ ᠶᠢᠨ ᠣᠯᠠᠨ ᠲᠦᠮᠡᠨ ᠳᠤ ᠴᠡᠪᠡᠷ ᠤᠷᠭᠠᠨᠢᠭ ᠭᠤᠸᠠ ᠵᠢᠮᠢᠰ ᠢᠳᠡᠰᠢᠨ ᠨᠣᠭᠤᠭ᠎ᠠ ᠬᠠᠩᠭᠠᠬᠤ ᠪᠤᠯᠤᠭᠰᠠᠨ ᠪᠠᠶᠢᠨ᠎ᠠ᠃      ᠭᠠᠯᠠᠭᠤᠲᠤ ᠪᠠᠯᠭᠠᠰᠤᠨ ᠤ ᠲᠠᠪᠴᠠᠭ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠸᠠᠩ ᠲᠤᠤ᠄ ︽ᠪᠢᠳᠡ ᠦᠷᠭᠦᠯᠵᠢᠯᠡᠨ ᠰᠠᠯᠠᠭ᠎ᠠ ᠮᠥᠴᠢᠷ ᠲᠠᠢ ᠢᠯᠠᠭᠦᠭᠡᠨ ᠬᠠᠮᠵᠢᠯᠴᠠᠨ ᠳᠡᠭᠡᠳᠦ ᠱᠠᠲᠤᠨ ᠤ ᠲᠥᠷᠥᠯ ᠵᠥᠢᠯ ᠪᠣᠯᠤᠨ ᠲᠣᠰᠬᠤᠨ ᠤ ᠵᠥᠪᠯᠡᠯ ᠤᠨ ᠪᠡᠯᠡ ᠣᠷᠣᠭᠤᠯᠤᠯᠲᠠ ᠶᠢ ᠢᠳᠡᠪᠬᠢᠲᠡᠶ ᠲᠡᠮᠡᠴᠡᠨ ᠤᠯᠵᠤ ᠲᠠᠪᠴᠠᠭ ᠲᠣᠰᠬᠤᠨ ᠤ ᠬᠤᠲᠠ ᠶᠢᠨ ᠲᠡᠭᠦᠷᠭᠡ ᠶᠢᠨ ᠲᠥᠬᠦᠭᠡᠷᠦᠮᠵᠢᠲᠦ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠭᠡᠭᠵᠢᠬᠦᠯᠵᠤ ᠪᠠᠯᠭᠠᠰᠤᠨ ᠤ ᠰᠠᠭᠤᠭᠠᠯᠢ ᠠᠷᠠᠳ ᠲᠤ ᠪᠣᠬᠢᠷᠲᠤᠯ ᠦᠭᠡᠢ ᠣᠷᠭᠠᠨᠢᠭ ᠭᠤᠸᠠ ᠵᠢᠮᠢᠰ ᠢᠳᠡᠰᠢᠨ ᠨᠤᠭᠤᠭ᠎ᠠ ᠶᠢ ᠬᠠᠩᠭᠠᠨ ᠰᠠᠭᠤᠭᠠᠯᠢ ᠠᠷᠠᠳ ᠲᠤ ᠠᠷᠠᠳ ᠤᠨ ᠠᠮᠢᠳᠤᠷᠠᠯ ᠤᠨ ᠠᠰᠠᠷᠠᠮᠵᠢ ᠶᠢ ᠭᠥᠷᠳᠡᠭᠡᠵᠤ ᠲᠣᠰᠬᠤᠨ‌‍ᠤ ᠠᠷᠠᠳ  ᠲᠤ ᠲᠥᠬᠦᠭᠡᠷᠦᠮᠵᠢᠲᠦ ᠲᠠᠷᠢᠶᠠᠯᠠᠩ ᠤᠨ ᠲᠠᠯ᠎ᠠ ᠪᠠᠷ ᠨᠢᠭᠡ ᠬᠤᠪᠢ ᠲᠣᠭᠲᠠᠭᠤᠨ ᠮᠦᠷᠲᠡᠬᠡᠨ ᠤᠷᠲᠤ ᠬᠤᠭᠤᠴᠠᠭᠠᠨ ᠤ ᠣᠷᠣᠯᠭ᠎ᠠ ᠲᠠᠢ ᠪᠤᠯᠭᠠᠨ᠎ᠠ︾ ᠬᠡᠵᠤ ᠶᠠᠷᠢᠵᠤ ᠪᠠᠶᠢᠪᠠ᠃      ᠡᠨᠡ ᠵᠢᠯ ᠠᠴᠠ ᠨᠠᠰᠢ ᠮᠠᠨ ᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠡᠷᠡᠭᠵᠢᠭᠦᠯᠭᠦ ᠶᠢ ᠠᠭᠢᠭᠤᠯᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠭᠦ᠂ ᠬᠡᠪᠴᠢᠶ᠎ᠡ ᠶᠢ ᠡᠷᠴᠢᠮᠵᠢᠭᠦᠯᠭᠦ᠂ ᠥᠨᠳᠥᠷ ᠥᠷ᠎ᠠ ᠠᠰᠢᠭ ᠲᠠᠢ ᠠᠭᠤᠰᠤᠯᠴᠠᠭᠤᠯᠬᠤ᠂ ᠨᠠᠷᠠᠲᠤ ᠲᠥᠷᠥᠯ ᠲᠡᠮᠳᠡᠭᠳᠤ ᠶᠢ ᠡᠵᠡᠩᠨᠠᠭᠦ ᠣᠨᠣᠯᠵᠢᠬᠤᠨ ᠢ ᠪᠠᠷᠢᠮᠳᠠᠯᠠᠵᠤ 4.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 500 ᠮᠦ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠵᠠᠭᠪᠤᠷ ᠪᠣᠯᠤᠨ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠰᠢᠨ᠎ᠡ ᠮᠡᠷᠭᠡᠵᠢᠯ ᠢ ᠳᠡᠯᠭᠡᠷᠡᠭᠦᠯᠦᠨ ᠴᠢᠨᠠᠷ ᠰᠠᠶᠢᠲᠠᠶ ᠰᠢᠨ᠎ᠡ ᠲᠥᠷᠥᠯ ᠵᠥᠢᠯ ᠢ ᠤᠷᠤᠭᠤᠯᠤᠨ ᠪᠤᠶᠢᠵᠢᠭᠤᠯᠵᠤ ᠲᠣᠮᠣ ᠬᠡᠯᠪᠡᠷᠢ ᠶᠢᠨ ᠠᠷᠠᠴᠢᠯᠠᠨ ᠲᠡᠵᠢᠭᠡᠬᠦ ᠪᠠ ᠬᠠᠭᠠᠯᠪᠤᠷᠢᠯᠠᠬᠤ᠂ ᠲᠠᠷᠢᠬᠤ᠂ ᠬᠤᠷᠢᠶᠠᠬᠤ ᠶᠢ ᠨᠢᠭᠡ ᠴᠣᠭᠴᠠᠵᠢᠭᠤᠯᠬᠤ ᠮᠠᠰᠢᠨᠴᠢᠯᠠᠯᠳᠠ ᠶᠢ ᠲᠡᠯᠭᠡᠷᠡᠭᠦᠯᠥᠭᠰᠠᠨ ᠪᠥᠭᠡᠳ ᠡᠳ᠋ ᠤᠨ ᠵᠠᠰᠠᠭ ᠤᠨ ᠪᠡᠯᠡ ᠮᠥᠩᠭᠦ᠂ ᠲᠤᠰᠬᠠᠢ ᠲᠥᠷᠤᠯ ᠤᠨ ᠪᠠᠯᠡ ᠮᠥᠩᠭᠦ ᠪᠠ ᠪᠠᠩᠬᠢ ᠶᠢᠨ ᠵᠢᠭᠡᠯᠡᠯᠭᠡ ᠶᠢ ᠨᠡᠶᠢᠯᠡᠭᠦᠯᠵᠦ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠪᠠᠯᠠ ᠮᠥᠩᠭᠦ ᠶᠢ ᠲᠤᠭᠢᠷᠠᠭᠤᠯᠤᠨ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠭᠰᠠᠨ ᠭᠥᠭᠵᠢᠯᠳᠠ ᠶᠢ ᠠᠭᠢᠭᠤᠯᠤᠭᠰᠠᠨ ᠪᠠᠶᠢᠨ᠎ᠠ  ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号