ᠤᠯᠠᠭᠠᠨᠳᠤᠯᠤᠭᠠᠢ ᠪᠠᠯᠭᠠᠰᠤᠨ ᠤ ᠤᠯᠠᠭᠠᠨᠲᠤᠭ ᠲᠤᠰᠬᠤᠨ ᠤ ᠤᠯᠠᠭᠠᠨ ᠲᠤᠭ ᠦᠵᠡᠬᠦᠯᠬᠡ ᠶᠢᠨ ᠲᠢᠩᠬᠢᠮ ᠪᠡᠶᠡᠴᠢ ᠤᠶᠢᠯᠠᠭᠠᠯᠳᠠ ᠶᠢᠨ ᠴᠢᠬᠤᠯᠠ ᠭᠠᠵᠠᠷ ᠪᠣᠯᠣᠯ᠎ᠠ
ᠨᠡᠶᠢᠲᠡᠯᠡᠭᠰᠡᠨ ᠴᠠᠭ᠄
2020/10/21
     ᠣᠶᠢᠷ᠎ᠠ ᠶᠢᠨ ᠡᠳᠦᠷ᠂ ᠤᠯᠠᠭᠠᠨᠳᠤᠯᠤᠭᠠᠢ ᠪᠠᠯᠭᠠᠰᠤᠨ ᠤ ᠤᠯᠠᠭᠠᠨᠲᠤᠭ ᠲᠤᠰᠬᠤᠨ ᠤ ᠨᠠᠮ ᠤᠨ ᠬᠡᠰᠢᠬᠦᠨ᠂ ᠤᠯᠠᠨ ᠲᠦᠮᠡᠨ ᠤ ᠲᠦᠯᠦᠬᠡᠯᠡᠭᠴᠢ᠂ ᠲᠤᠰᠬᠤᠨ ᠤ ᠵᠦᠪᠯᠡᠯ ᠤᠨ ᠬᠡᠰᠢᠬᠦᠳ ᠬᠠᠮᠳᠤᠪᠠᠷ ᠬᠤᠪᠢᠰᠬᠠᠯᠲᠤ ᠬᠦᠮᠦᠵᠢᠯ ᠎ ᠤᠨ ᠰᠠᠭᠤᠷᠢᠨ ᠭᠠᠵᠠᠷ ᠪᠤᠯᠬᠤ ᠲᠤᠰᠬᠤᠨ ᠤ ᠪᠠᠨ ︽ᠤᠯᠠᠭᠠᠨ ᠲᠤᠭ︾ ᠪᠡᠶᠡᠴᠢ ᠤᠶᠢᠯᠠᠭᠠᠯᠳᠠ ᠶᠢᠨ ᠦᠵᠡᠬᠦᠯᠬᠡ ᠶᠢᠨ ᠲᠢᠩᠬᠢᠮ ᠳᠤ ᠨᠢᠭᠡ ᠤᠳᠠᠭᠠᠨ ᠤ ᠤᠨᠴᠠᠭᠠᠢ ᠬᠦᠮᠦᠵᠢᠯ ᠭᠥᠷᠳᠡᠨ ᠦᠩᠬᠡᠷᠡᠭᠰᠡᠨ ᠤ ᠬᠠᠲᠠᠭᠤ ᠪᠡᠷᠬᠡᠰᠢᠶᠡᠯᠳᠦ ᠲᠡᠥᠬᠡᠨ ᠴᠠᠭ ᠦᠶ᠎ᠡ ᠶᠢ ᠡᠷᠬᠢᠴᠡᠬᠦᠯᠵᠦ᠂ ᠦᠨᠦᠳᠦᠷ ᠤᠨ ᠵᠢᠷᠭᠠᠯᠳᠤ ᠴᠢᠨᠡᠭᠡᠯᠢᠭ ᠠᠮᠢᠳᠤᠷᠠᠯ ᠢᠶᠠᠨ ᠴᠤᠭᠴᠠᠯᠠᠬᠤ ᠢᠳᠡᠬᠡᠯ ᠵᠣᠷᠢᠭ ᠢᠶᠠᠨ ᠲᠠᠬᠢᠨᠳᠠ ᠬᠥᠪᠴᠢᠯᠡᠯ᠎ᠡ᠃      ᠤᠯᠠᠭᠠᠨᠳᠤᠯᠤᠭᠠᠢ ᠪᠠᠯᠭᠠᠰᠤᠨ ᠤ ᠤᠯᠠᠭᠠᠨᠲᠤᠭ ᠲᠤᠰᠬᠤᠨ ᠤ ᠨᠢᠭᠡᠳᠦᠬᠡᠷ ᠱᠦᠵᠢ ᠪᠤᠶᠠᠨᠳᠤ᠄ ︽ᠦᠩᠬᠡᠷᠡᠭᠰᠡᠨ ᠬᠦᠮᠦᠰ ᠤᠨ ᠬᠠᠲᠠᠭᠤ ᠪᠡᠷᠬᠡᠰᠢᠶᠡᠯ ᠢ ᠰᠡᠷᠡᠵᠦ ᠮᠡᠳᠡᠯ᠎ᠡ᠃ ᠡᠭᠦᠨ ᠠᠴᠠ ᠬᠤᠶᠢᠰᠢ ᠡᠳᠡᠭᠡᠷ ᠬᠦᠮᠦᠰ ᠤᠨ ᠵᠣᠷᠢᠭ ᠰᠠᠨᠠᠭ᠎ᠠ ᠶᠢ ᠤᠯᠠᠮ ᠢᠯᠡᠭᠦᠦ ᠰᠤᠷᠤᠯᠴᠠᠵᠤ ᠦᠨᠳᠦᠰᠦᠨ ᠱᠠᠳᠤᠨ ᠤ ᠠᠵᠢᠯ ᠢ ᠨᠡᠩ ᠢᠯᠡᠬᠦᠦ ᠨᠡᠩ ᠰᠠᠶᠢᠨ ᠬᠢᠶ᠎ᠡ ᠭᠡᠵᠦ ᠪᠤᠳᠤᠵᠦ ᠪᠠᠶᠢᠨ᠎ᠠ︾ ᠭᠡᠪᠡ᠃      ᠬᠠᠭᠤᠴᠢ ᠪᠤᠳᠠᠰ ᠪᠣᠯ ᠲᠡᠥᠬᠡ ᠶᠢ ᠬᠠᠷᠠᠵᠤ ᠪᠣᠯᠬᠤ ᠬᠠᠮᠤᠭ ᠰᠠᠶᠢᠨ ᠭᠡᠷᠡᠴᠢ ᠶᠤᠮ᠃ ᠤᠯᠠᠭᠠᠨᠲᠤᠭ ᠲᠤᠰᠬᠤᠨ ᠤ ︽ᠤᠯᠠᠭᠠᠨ ᠲᠤᠭ︾ ᠪᠡᠶᠡᠴᠢ ᠤᠶᠢᠯᠠᠭᠠᠯᠳᠠ ᠶᠢᠨ ᠦᠵᠡᠬᠦᠯᠬᠡ ᠶᠢᠨ ᠲᠢᠩᠬᠢᠮ ᠢ ᠡᠨᠡ ᠵᠢᠯ ᠤᠨ ᠲᠤᠯᠤᠳᠤᠭᠠᠷ ᠰᠠᠷ᠎ᠠ ᠶᠢᠨ ᠨᠢᠭᠡᠨ ᠳᠤ ᠠᠰᠢᠭᠯᠠᠯᠳᠠ ᠳᠤ ᠤᠷᠤᠭᠤᠯᠵᠠᠢ᠃ ᠠᠳᠡ ᠪᠦᠷ ᠤᠯᠠᠭᠠᠨ ᠲᠤᠭ ᠲᠡᠮᠳᠡᠭ ᠲᠠᠢ ᠭᠤᠷᠪᠠᠨ ᠵᠠᠭᠤ ᠭᠠᠷᠤᠢ ᠵᠦᠢᠯᠡᠰ ᠢ ᠠᠷᠪᠠᠨ ᠨᠠᠢᠮᠠᠨ ᠥᠷᠥᠭᠡᠨ ᠳᠤ ᠲᠡᠯᠭᠡᠵᠦ ᠦᠩᠬᠡᠷᠡᠭᠰᠡᠨ ᠤ ᠬᠠᠲᠠᠭᠤ ᠪᠡᠷᠬᠡᠰᠢᠶᠡᠯᠳᠦ ᠴᠠᠭ ᠦᠶ᠎ᠡ ᠳᠤ ᠬᠤᠪᠢᠰᠬᠠᠯᠴᠢ ᠰᠢᠨᠳᠠᠷᠠᠰᠢ ᠦᠬᠡᠢ ᠵᠤᠷᠢᠭ ᠰᠠᠨᠠᠭ᠎ᠠ ᠶᠢ ᠪᠠᠷᠢᠮᠳᠠᠯᠠᠨ ᠲᠡᠮᠡᠴᠡᠵᠦ ᠪᠠᠶᠢᠭᠠᠳ ᠥᠨᠥᠳᠥᠷ ᠤᠨ ᠵᠢᠷᠭᠠᠯᠳᠤ ᠠᠮᠢᠳᠤᠷᠠᠯ ᠢ ᠰᠣᠯᠢᠵᠤ ᠠᠪᠴᠢᠷᠠᠭᠰᠠᠨ ᠢ ᠬᠦᠮᠦᠰ ᠲᠤ ᠦᠨᠡᠨ ᠪᠤᠳᠠᠳᠠᠢ ᠪᠠᠷ ᠬᠠᠷᠠᠭᠤᠯᠵᠤ ᠪᠠᠶᠢᠯ᠎ᠠ᠃      ᠤᠯᠠᠭᠠᠨᠳᠤᠯᠤᠭᠠᠢ ᠪᠠᠯᠭᠠᠰᠤᠨ ᠤ ᠤᠯᠠᠭᠠᠨᠲᠤᠭ ᠲᠤᠰᠬᠤᠨ ᠤ ᠨᠠᠮ ᠤᠨ ᠡᠭᠦᠷ ᠤᠨ ᠱᠦᠵᠢ ᠲᠤᠰᠬᠤᠨ ᠤ ᠵᠥᠪᠯᠡᠯ ᠤᠨ ᠡᠷᠬᠢᠯᠡᠭᠴᠢ ᠪᠠᠢ ᠹᠧᠩ ᠰᠢᠶᠠᠩ᠄ ︽ᠮᠠᠨ ᠤ ᠲᠢᠩᠬᠢᠮ ᠳᠤ ᠲᠤᠭᠤᠷᠢᠨ ᠵᠤᠭᠠᠴᠠᠬᠤ ᠵᠤᠭᠠᠴᠠᠭᠴᠢ ᠡᠳᠦᠷ ᠠᠴᠠ ᠡᠳᠦᠷ ᠨᠡᠮᠡᠭᠳᠡᠵᠦ ᠪᠠᠶᠢᠭ᠎ᠠ ᠠᠰᠢᠭᠳᠠᠢ ᠲᠣᠬᠢᠶᠠᠯ ᠢᠶᠠᠷ ᠪᠢᠳᠠ ᠲᠤᠰ ᠭᠠᠵᠠᠷ ᠲᠠᠭᠠᠨ ᠪᠤᠷᠤᠯᠠᠭᠤᠯᠬᠤ᠂ ᠡᠯᠧᠺᠲᠷᠤᠨ ᠬᠤᠳᠠᠯᠳᠤᠭᠠᠨ ᠤ ᠲᠠᠪᠴᠠᠩ ᠎ ᠢ ᠠᠰᠢᠭᠯᠠᠬᠤ ᠵᠡᠷᠬᠡ ᠬᠡᠯᠪᠡᠷᠢ ᠪᠠᠷ ᠨᠤᠲᠤᠭ ᠤᠨ ᠣᠨᠴᠠ ᠭᠠᠷᠤᠯᠳᠠ᠂ ᠪᠦᠳᠦᠬᠡᠭᠳᠡᠬᠦᠨ ᠢᠶᠠᠨ ᠭᠠᠳᠠᠭᠰᠢ ᠪᠣᠷᠣᠯᠠᠭᠤᠯᠵᠤ ᠤᠯᠠᠨ ᠤ ᠣᠷᠣᠯᠭ᠎ᠠ ᠶᠢ ᠤᠯᠠᠮ ᠨᠡᠮᠡᠭᠳᠡᠬᠦᠯᠦᠨ᠎ᠡ᠃ ᠮᠦᠨᠴᠦ ᠬᠤᠪᠢᠰᠬᠠᠯᠳᠤ ᠬᠦᠮᠦᠵᠢᠯ ᠢ ᠦᠷᠬᠦᠯᠵᠢᠯᠡᠨ ᠴᠢᠨᠠᠷᠵᠢᠭᠤᠨ ᠶᠠᠪᠤᠭᠳᠠᠭᠤᠯᠤᠨ᠎ᠠ︾ ᠬᠡᠪᠡ᠃      ᠤᠯᠠᠭᠠᠨᠲᠤᠭ ᠲᠤᠰᠬᠤᠨ ᠳᠤ 289 ᠪᠠᠶᠢᠩᠭᠤ ᠰᠠᠭᠤᠭ᠎ᠠ ᠡᠷᠦᠬᠡ᠂ 980 ᠬᠦᠮᠦᠨ ᠠᠮᠠ ᠲᠠᠢ᠃ ᠶᠡᠭᠡ ᠦᠰᠦᠷᠦᠩᠬᠦᠢ ᠳᠠᠪᠰᠢᠯᠲᠠ ᠶᠢᠨ ᠦᠶ᠎ᠡ ᠳᠤ ᠤᠯᠠᠭᠠᠨ ᠲᠤᠭ ᠶᠡᠭᠡ ᠪᠠᠷᠢᠭᠠᠳᠠ ᠬᠡᠵᠦ ᠪᠠᠶᠢᠭᠰᠠᠨ ᠢᠶᠠᠨ ᠰᠡᠬᠦᠯ ᠳᠤᠨᠢ ᠤᠯᠠᠭᠠᠨᠲᠤᠭ ᠲᠤᠰᠬᠤᠨ ᠬᠡᠵᠦ ᠨᠠᠷᠠᠶᠢᠳᠤᠭᠦ ᠪᠤᠯᠵᠤ ᠣᠳᠣ ᠲᠤᠰᠬᠤᠨ ᠤ ᠬᠦᠮᠦᠨ ᠲᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠬᠤᠶᠠᠷ ᠲᠦᠮᠡ ᠶᠢ ᠳᠠᠪᠠᠭᠰᠠᠨ ᠪᠠᠶᠢᠨ᠎ᠠ᠃      ᠤᠯᠠᠭᠠᠨᠳᠤᠯᠤᠭᠠᠢ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ ᠰᠡᠯᠡᠩᠬᠡ᠄ ︽ᠮᠠᠨ ᠤ ᠤᠯᠠᠭᠠᠨᠳᠤᠯᠤᠭᠠᠢ ᠪᠠᠯᠭᠠᠰᠤ ᠤᠯᠠᠭᠠᠨᠲᠤᠭ ᠦᠵᠡᠰᠬᠦᠯᠡᠩ ᠤᠨ ᠲᠢᠩᠬᠢᠮ ᠢ ᠪᠠᠶᠢᠭᠤᠯᠬᠤ ᠪᠠᠷ ᠲᠠᠮᠵᠢᠨ ᠨᠠᠮ ᠤᠨ ᠬᠡᠰᠢᠬᠦᠨ ᠤᠯᠠᠨ ᠲᠥᠮᠡᠨ ᠢᠶᠠᠨ ᠲᠠᠶᠢᠴᠢᠯᠠᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠵᠦ ᠴᠢᠨᠡᠭᠡᠯᠢᠭ ᠨᠡᠶᠢᠭᠡᠮ ᠢ ᠪᠠᠶᠢᠭᠤᠯᠤᠨ ᠲᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠪᠠᠷ ᠴᠢᠷᠮᠠᠶᠢᠨ᠎ᠠ︾ ᠭᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号