ᠤᠯᠠᠮᠵᠢᠯᠠᠯᠲᠤ ᠴᠠᠭᠠᠨ ᠢᠳᠡᠭᠡ ︽ᠪᠡᠶ᠎ᠡ ᠶᠢᠨ ᠦᠨᠡᠮᠯᠡᠯ︾᠎ ᠲᠠᠢ ᠪᠤᠯᠤᠯ᠎ᠠ
ᠨᠡᠶᠢᠲᠡᠯᠡᠭᠰᠡᠨ ᠴᠠᠭ᠄
2020/10/21
    ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠲᠤᠭᠤᠷᠢᠭ ᠎ ᠲᠤ ᠪᠠᠶᠢᠭ᠎ᠠ ᠤᠯᠠᠮᠵᠢᠯᠠᠯᠲᠤ ᠴᠠᠭᠠᠨ ᠢᠳᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠠᠸᠠᠷ ᠤᠨ ᠨᠤᠮᠧᠷ ᠢ ᠲᠥᠪᠯᠡᠷᠡᠭᠦᠯᠦᠨ ᠭᠥᠢᠴᠡᠳᠭᠡᠭᠰᠠᠨ ᠨᠢ ᠤᠯᠠᠮᠵᠢᠯᠠᠯᠲᠤ ᠴᠠᠭᠠᠨ ᠢᠳᠡᠭᠡ ᠵᠠᠬ᠎ᠠ ᠳᠡᠯᠭᠡᠭᠦᠷ ᠲᠤ ᠭᠠᠷᠬᠤ ᠦᠨᠡᠮᠯᠡᠯ ᠲᠠᠢ ᠪᠤᠯᠤᠭᠰᠠᠨ ᠢ ᠭᠡᠷᠡᠴᠢᠯᠡᠭᠰᠠᠨ ᠢᠶᠠᠷ ᠪᠠᠷᠠᠬᠤ ᠦᠭᠡᠢ ᠤᠯᠠᠮᠵᠢᠯᠠᠯᠲᠤ ᠴᠠᠭᠠᠨ ᠢᠳᠡᠭᠡᠨ ᠤ ᠠᠵᠤ ᠤᠶᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃     ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶᠢᠯᠠᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠷᠢᠮᠵᠢᠶᠠᠵᠢᠭᠤᠯᠤᠯᠲᠠ ᠶᠢᠨ ᠬᠦᠷᠢᠶᠡᠯᠡᠩ ᠤᠨ ᠡᠳ᠋ ᠪᠣᠳᠠᠰ ᠢ ᠨᠣᠮᠧᠷᠯᠠᠬᠤ ᠲᠥᠪ ᠤᠨ ᠠᠵᠢᠯᠲᠠᠨ ᠢ ᠤᠷᠢᠵᠤ ᠲᠠᠸᠠᠷ ᠤᠨ ᠨᠤᠮᠧᠷ ᠢ ᠬᠠᠮᠢᠶᠠᠷᠬᠤ ᠠᠷᠭ᠎ᠠ᠂ ᠲᠠᠸᠠᠷ ᠤᠨ ᠨᠤᠮᠧᠷ ᠤᠨ ᠤᠬᠠᠭᠳᠠᠬᠤᠨ᠂ ᠬᠥᠭᠵᠢᠯᠲᠡ᠂ ᠬᠡᠷᠡᠭᠯᠡᠯᠲᠡ ᠶᠢ ᠲᠠᠨᠢᠯᠴᠠᠭᠤᠯᠬᠤ ᠵᠢᠴᠢ ᠮᠡᠳᠡᠭᠡ ᠵᠠᠩᠭᠢ ᠣᠷᠣᠭᠤᠯᠬᠤ᠂ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠯᠲᠡ᠂ ᠰᠦᠯᠵᠢᠶᠡᠨ ᠳᠡᠭᠡᠷ᠎ᠡ ᠬᠦᠢᠴᠡᠳᠭᠡᠭᠦ ᠵᠡᠷᠭᠡ ᠭᠤᠭᠴᠤᠭ᠎ᠠ ᠶᠢᠨ ᠬᠡᠷᠡᠭᠯᠡᠭᠡᠨ ᠤ ᠮᠡᠷᠭᠡᠵᠢᠯ ᠳᠤ ᠨᠠᠷᠢᠨ ᠲᠠᠶᠢᠯᠪᠤᠷᠢ ᠬᠢᠯᠭᠡᠭᠰᠡᠨ ᠤ ᠲᠠᠷᠠᠭ᠎ᠠ ᠲᠤᠰᠬᠠᠢ ᠠᠵᠢᠯᠳᠡᠨ ᠠᠴᠠ 18 ᠡᠷᠦᠬᠡ ᠤᠯᠠᠮᠵᠢᠯᠠᠯᠲᠤ ᠴᠠᠭᠠᠨ ᠢᠳᠡᠭᠡᠨ ᠤ ᠤᠶᠢᠯᠡᠳᠪᠤᠷᠢ ᠎ ᠶᠢᠨ ᠭᠠᠵᠠᠷ ᠲᠤ ᠲᠠᠸᠠᠷ ᠤᠨ ᠨᠤᠮᠧᠷ ᠢ ᠲᠡᠭᠰᠠᠯᠠᠵᠤ ᠦᠭᠭᠦᠭᠰᠡᠨ ᠪᠠᠶᠢᠨ᠎ᠠ᠃
    ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠤᠳᠣᠪᠢᠯᠢᠭ᠌ ᠄ ︽ᠡᠨᠡᠬᠦ ᠨᠤᠮᠧᠷ ᠲᠠᠢ ᠲᠠᠸᠠᠷ ᠢ ᠪᠤᠯ ᠭᠡᠨ ᠬᠢᠭᠰᠡᠨ᠂ ᠭᠡᠵᠢᠶ᠎ᠡ ᠬᠢᠭᠰᠡᠨ᠂ ᠶᠠᠮᠠᠷ ᠪᠦᠳᠤᠭᠡᠭᠳᠡᠭᠦᠨ ᠪᠠᠶᠢᠵᠦ ᠶᠠᠭᠤ ᠎ ᠪᠠᠷ ᠬᠢᠭᠰᠡᠨ ᠨᠢ ᠪᠦᠷ ᠠᠮᠠᠷᠬᠠᠨ ᠤᠶᠢᠯᠠᠭᠠᠵᠦ ᠮᠡᠳᠡᠵᠦ ᠳᠡᠶᠢᠯᠬᠦ ᠮᠦᠷᠳᠡᠭᠡᠨ ᠬᠢᠷᠢ ᠲᠡᠩᠴᠡᠭᠰᠡᠨ ᠪᠦᠲᠦᠬᠡᠭᠳᠡᠭᠦᠨ ᠪᠤᠯᠤᠨ᠎ᠠ ᠭᠡᠰᠡᠨ ᠢ ᠭᠡᠷᠡᠴᠢᠯᠡᠵᠦ ᠳᠡᠶᠢᠯᠦᠨ᠎ᠡ᠃ ᠲᠡᠭᠡᠭᠦ ᠪᠠᠷ ᠮᠠᠨ ᠤ ᠡᠨᠡ ᠲᠠᠸᠠᠷ ᠤᠨ ᠲᠡᠮᠳᠡᠭ ᠲᠠᠢ ᠪᠤᠯᠤᠭᠰᠠᠨ ᠶᠠᠪᠤᠳᠠᠯ ᠪᠤᠯ ᠦᠨᠳᠤᠰᠤᠳᠡᠨ ᠤ ᠴᠠᠭᠠᠨ ᠢᠳᠡᠭᠡ ᠵᠠᠬ᠎ᠠ ᠲᠡᠯᠭᠡᠭᠦᠷ ᠲᠡᠭᠡᠷ᠎ᠡ ᠪᠤᠷᠤᠯᠠᠭᠤᠯᠠᠭᠳᠠᠬᠤ ᠬᠢᠷᠢ ᠭᠡᠮ ᠲᠠᠢ ᠪᠤᠯᠤᠯ᠎ᠠ ᠭᠡᠵᠦ ᠭᠡᠯᠡᠵᠦ ᠪᠤᠯᠤᠨ᠎ᠠ︾ ᠬᠡᠪᠡ᠃     ᠤᠶᠤᠨᠰᠠᠩ ᠤᠷᠳᠤᠰ ᠬᠤᠳᠠ ᠶᠢᠨ ᠪᠠᠶᠠᠵᠢᠯ ᠡᠯᠧᠺᠲᠷᠤᠨ ᠬᠤᠳᠠᠯᠳᠤᠭᠠᠨ ᠤ ᠬᠢᠵᠠᠭᠠᠷᠳᠤ ᠺᠤᠮᠫᠠᠨᠢ ᠶᠢ ᠪᠠᠶᠢᠭᠤᠯᠵᠦ ᠠᠶᠢᠷᠠᠭ ᠪᠤᠯᠪᠠᠰᠤᠷᠠᠭᠤᠯᠤᠨ ᠬᠤᠳᠠᠯᠳᠤᠭᠠᠳ ᠨᠠᠯᠢᠶᠠᠳ ᠭᠡᠳᠤᠨ ᠵᠢᠯ ᠪᠤᠯᠵᠤ ᠪᠠᠶᠢᠭ᠎ᠠ ᠪᠤᠯᠪᠠᠴᠤ ᠪᠦᠳᠤᠭᠡᠭᠳᠡᠭᠦᠨ ᠨᠢ ᠭᠡᠳᠤ ᠲᠡᠯᠭᠡᠭᠦᠷ᠂ ᠰᠦᠯᠵᠢᠶᠠᠨ ᠲᠡᠭᠡᠷ᠎ᠡ ᠪᠤᠷᠤᠯᠠᠭᠤᠯᠤᠭᠳᠠᠬᠤ ᠦᠭᠡᠢ ᠪᠠᠶᠢᠵᠤ ᠡᠨᠡ ᠤᠳᠠᠭ᠎ᠠ ᠲᠠᠸᠠᠷ ᠤᠨ ᠨᠤᠮᠧᠷ ᠢ ᠭᠤᠶᠤᠪᠴᠢᠯᠠᠨ  ᠳᠠᠩᠰᠠᠯᠠᠭᠤᠯᠤᠭᠰᠠᠨ ᠠᠴᠠ ᠪᠦᠳᠤᠭᠡᠭᠳᠡᠭᠦᠨ ᠤ ᠪᠤᠷᠤᠯᠠᠭᠤᠯᠭ᠎ᠠ ᠶᠢᠨ ᠵᠠᠮ ᠢ ᠰᠢᠯᠤᠭᠤᠳᠭᠵᠠᠢ᠃
    ᠤᠶᠤᠨᠰᠠᠩ᠄ ︽ᠲᠠᠸᠠᠷ ᠤᠨ ᠨᠤᠮᠧᠷ ᠦᠭᠡᠢ ᠪᠤᠯ ᠤᠯᠠᠨ ᠤᠴᠢᠷ ᠪᠠᠶᠢᠨ᠎ᠠ᠃ ᠵᠢᠱᠢᠶᠠᠯᠠᠪᠠᠯ ᠴᠢᠯᠦᠬᠡᠲᠤ ᠲᠡᠯᠭᠡᠭᠦᠷ ᠲᠤ ᠪᠠᠷᠠᠭ᠎ᠠ ᠪᠠᠨ ᠬᠦᠷᠭᠡᠭᠦ ᠪᠤᠶᠤ ᠰᠦᠯᠵᠢᠶᠠᠨ ᠲᠡᠭᠡᠷ᠎ᠡ ᠬᠤᠳᠠᠯᠳᠤᠬᠤ ᠬᠢᠷᠢ ᠬᠡᠮ ᠢ ᠤᠯᠵᠦ ᠳᠡᠶᠢᠯᠬᠦ ᠦᠭᠡᠢ᠂ ᠲᠠᠸᠠᠷ ᠤᠨ ᠨᠤᠮᠧᠷ ᠲᠠᠢ ᠪᠤᠯᠤᠭᠰᠠᠨ ᠤ ᠲᠠᠷᠠᠭ᠎ᠠ ᠪᠥᠭᠦ ᠤᠯᠣᠰ ᠲᠤ ᠲᠠᠷᠬᠠᠭᠠᠨ ᠪᠤᠷᠤᠯᠠᠭᠤᠯᠬᠤ᠂ ᠴᠢᠯᠦᠭᠡᠲᠤ ᠲᠡᠯᠭᠡᠭᠦᠷ ᠲᠤ ᠬᠦᠷᠭᠡᠭᠦ ᠪᠤᠷᠤᠯᠠᠭᠤᠯᠭ᠎ᠠ ᠳᠤ ᠲᠦᠭᠦᠮ ᠪᠤᠯᠤᠭᠰᠠᠨ ᠪᠠᠶᠢᠨ᠎ᠠ︾ ᠭᠡᠪᠡ᠃     ᠣᠯᠠᠨ ᠤᠯᠤᠰ ᠤᠨ ᠡᠳ᠋ ᠪᠠᠷᠠᠭ᠎ᠠ ᠶᠢ ᠨᠣᠮᠧᠷᠯᠠᠬᠤ ᠨᠡᠶᠢᠭᠡᠮᠯᠢᠭ ︵GPI︶᠎ ᠠᠴᠠ ᠲᠣᠭᠲᠠᠭᠠᠭᠰᠠᠨ ᠲᠠᠸᠠᠷ ᠤᠨ ᠨᠤᠮᠧᠷ ᠪᠤᠯ ᠵᠢᠵᠢᠭᠯᠡᠨ ᠬᠤᠳᠠᠯᠳᠤᠬᠤ ᠲᠠᠸᠠᠷ᠂ ᠵᠢᠵᠢᠭᠯᠡᠨ ᠬᠤᠳᠠᠯᠳᠤᠬᠤ ᠪᠤᠰᠤ ᠲᠠᠸᠠᠷ᠂ ᠪᠠᠷᠠᠭᠠᠨ ᠬᠦᠢᠯᠭᠡᠭᠡᠨ ᠤ ᠨᠢᠭᠡᠴᠢ ᠵᠡᠷᠭᠡ ᠶᠢ ᠣᠷᠣᠯᠠᠬᠤ ᠲᠠᠸᠠᠷ ᠤᠨ ᠨᠤᠮᠧᠷ ᠪᠤᠯᠤᠨ᠎ᠠ᠃ ᠲᠠᠸᠠᠷ ᠤᠨ ᠨᠤᠮᠧᠷ ᠪᠤᠯ ᠪᠦᠳᠤᠭᠡᠭᠳᠡᠭᠦᠨ ᠤ ᠪᠡᠶ᠎ᠡ ᠶᠢᠨ ᠦᠨᠡᠮᠯᠡᠯ ᠲᠠᠢ ᠠᠳᠠᠯᠢ ᠪᠠᠶᠢᠵᠤ ᠠᠵᠤ ᠠᠬᠤᠶᠢᠯᠠᠯ ᠤᠨ ᠤᠶᠢᠯᠡᠳᠪᠤᠷᠢᠯᠠᠵᠤ ᠭᠠᠷᠭᠠᠭᠰᠠᠨ ᠪᠦᠳᠤᠭᠡᠭᠳᠡᠭᠦᠨ ᠨᠢᠭᠡᠪᠦᠷᠢ ᠶᠢᠨ ᠲᠠᠸᠠᠷ ᠤᠨ ᠨᠤᠮᠧᠷ ᠨᠢ ᠪᠥᠬᠦ ᠲᠡᠯᠡᠭᠡᠢ ᠶᠢᠨ ᠬᠡᠪᠴᠢᠶᠡᠨ ᠳᠤ ᠴᠣᠷ ᠤᠨ ᠭᠠᠭᠴᠠ ᠪᠥᠭᠡᠳ ᠨᠡᠶᠢᠳᠡᠮ ᠬᠡᠷᠡᠭᠯᠡᠭᠳᠡᠬᠦ ᠶᠢ ᠪᠠᠲᠤᠯᠠᠵᠤ ᠪᠠᠶᠢᠳᠠᠭ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号