ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ | ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠪᠤᠯᠬᠤ ᠲᠠᠰᠢᠷᠠᠮ ᠳᠤ | ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠦᠷᠦᠭᠦᠬᠡᠨ ᠰᠧᠴᠤᠸᠠᠨ ᠮᠤᠵᠢ ᠶᠢᠨ ᠬᠤᠪᠢᠰᠬᠠᠯ ᠤᠨ | ᠵᠡᠮᠳᠡᠭ ᠴᠡᠷᠢᠭ ᠤᠨ ᠰᠤᠪᠢᠯᠠᠯᠳᠠ ᠶᠢᠨ ᠬᠦᠷᠢᠶᠡᠯᠡᠩ ᠤᠨ ᠪᠦᠬᠦ ᠨᠦᠭᠦᠳ ᠲᠤ ᠬᠠᠷᠢᠭᠤ ᠵᠠᠬᠢᠳᠠᠯ ᠢᠯᠡᠭᠡᠵᠤ᠂ | ᠳᠡᠳᠡᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠠᠮᠧᠷᠢᠺᠠ ᠶᠢ ᠡᠰᠡᠷᠭᠦᠴᠡᠵᠤ ᠰᠤᠯᠤᠩᠭᠤᠰ ᠢ ᠲᠤᠰᠠᠯᠠᠬᠤ | ᠳᠠᠶᠢᠨ ᠳᠤ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠯᠤᠰ ᠢᠶᠠᠨ ᠬᠠᠶᠢᠷᠠᠯᠠᠬᠤ ᠠᠭᠤᠤ | ᠶᠡᠭᠡ ᠵᠤᠷᠢᠭ ᠰᠠᠨᠠᠭ᠎ᠠ ᠪᠤᠯᠤᠨ ᠬᠤᠪᠢᠰᠬᠠᠯ ᠤᠨ ᠪᠠᠭᠠᠳᠤᠷᠯᠢᠭ ᠵᠤᠷᠢᠭ ᠰᠠᠨᠠᠭ᠎ᠠ ᠶᠢ ᠪᠠᠳᠠᠷᠠᠭᠤᠯᠤᠨ᠂ ᠭᠠᠪᠰᠢᠭᠠᠢᠢᠯᠠᠨ | ᠤᠷᠤᠭᠰᠢᠯᠠᠵᠤ᠂ ᠬᠠᠯᠠᠭᠤᠨ ᠴᠢᠰᠤ ᠪᠠᠨ ᠤᠷᠤᠰᠬᠠᠨ ᠡᠷᠡᠯᠬᠡᠭᠯᠡᠨ ᠪᠠᠶᠢᠯᠳᠤᠵᠤ᠂ ᠤᠯᠤᠰ ᠤᠷᠤᠨ ᠢᠶᠠᠨ | ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠠ᠃ ᠰᠠᠶᠢᠨ ᠳᠤᠷ᠎ᠠ ᠶᠢᠨ ᠴᠡᠷᠢᠭ ᠤᠨ ᠳᠠᠷᠤᠭ᠎ᠠ | ᠪᠠᠶᠢᠯᠳᠤᠭᠴᠢᠳ ᠵᠢᠴᠢ ᠪᠠᠭᠠᠳᠤᠷ ᠵᠢᠱᠢᠶᠡᠴᠢᠳ ᠤᠨ ᠭᠠᠪᠢᠶ᠎ᠠ ᠵᠢᠳᠬᠦᠯ ᠢ ᠨᠠᠮ ᠪᠤᠯᠤᠨ ᠠᠷᠠᠳ ᠲᠦᠮᠡᠨ ᠬᠡᠵᠢᠶᠡᠳᠡ | ᠮᠠᠷᠳᠠᠬᠤ ᠦᠭᠡᠢ ᠶᠤᠮ ᠭᠡᠵᠤ ᠢᠯᠡᠳᠭᠡᠵᠠᠢ᠃ | ᠰᠢ ᠶᠢᠨ ᠫᠢᠩ᠂ 60 ᠭᠠᠷᠤᠢ ᠵᠢᠯ ᠤᠨ ᠲᠤᠷᠰᠢ᠂ ᠲᠠ ᠨᠠᠷ ᠨᠠᠮ ᠢᠶᠠᠨ ᠬᠠᠶᠢᠷᠠᠯᠠᠬᠤ᠂ ᠨᠠᠮ ᠢᠶᠠᠨ ᠢᠳᠡᠭᠡᠬᠦ᠂ | ᠨᠠᠮ ᠢᠶᠠᠨ ᠳᠠᠭᠠᠬᠤ ᠶᠢ ᠪᠠᠷᠢᠮᠳᠠᠯᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠪᠤᠯᠤᠨ ᠤᠯᠤᠰ ᠤᠨ | ᠪᠠᠳᠤᠯᠠᠨ ᠬᠠᠮᠠᠭᠠᠯᠠᠯᠳᠠ ᠶᠢᠨ ᠬᠦᠮᠦᠵᠢᠯ ᠤᠨ ᠠᠵᠢᠯᠯᠠᠭ᠎ᠠ ᠳᠤ ᠢᠳᠡᠪᠬᠢᠳᠠᠢ ᠤᠷᠤᠯᠴᠠᠵᠤ᠂ ᠨᠠᠮ ᠪᠤᠯᠤᠨ ᠠᠷᠠᠳ | ᠲᠦᠮᠡᠨ ᠳᠤ ᠦᠪᠡᠷ ᠤᠨ ᠬᠦᠴᠦᠨ ᠴᠢᠳᠠᠯ ᠢᠶᠠᠨ ᠦᠷᠭᠦᠯᠵᠢᠯᠡᠨ ᠡᠷᠭᠦᠵᠤ᠂ ᠤᠭ ᠰᠠᠨᠠᠭ᠎ᠠ ᠦᠯᠦ ᠬᠤᠪᠢᠷᠠᠬᠤ | ᠵᠤᠭᠰᠤᠰᠢ ᠦᠭᠡᠢ ᠲᠡᠮᠡᠴᠡᠬᠦ ᠵᠤᠷᠢᠭ ᠰᠠᠨᠠᠭ᠎ᠠ ᠶᠢ ᠢᠯᠡᠷᠡᠭᠦᠯᠵᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠲᠤᠮᠲᠠᠲᠤ ᠶᠢᠨ ᠦᠨᠲᠦᠰᠦᠲᠡᠡ ᠪᠤᠯ ᠪᠠᠭᠠᠲᠤᠷ ᠵᠤᠷᠢᠭᠳᠠᠨ ᠲᠠᠰᠤᠷᠠᠯᠳᠠ ᠦᠭᠡᠢ ᠴᠤᠯᠭᠤᠷᠠᠠ | ᠭᠠᠷᠤᠭᠰᠠᠨ ᠦᠨᠲᠦᠰᠦᠲᠠᠠ ᠮᠦᠨ᠂ ᠰᠢᠨ᠎ᠠ ᠴᠠᠭ ᠦᠶ᠎ᠠ ᠪᠤᠯ ᠪᠠᠭᠠᠲᠤᠷ ᠢ ᠪᠤᠢ ᠪᠤᠯᠭᠠᠳᠠᠭ ᠴᠠᠭ ᠦᠶ᠎ᠠ ᠮᠦᠨ᠃ | ᠪᠦᠬᠦ ᠨᠠᠮ ᠪᠦ᠋ᠬᠦ ᠨᠡᠶᠢᠭᠡᠮ ᠢᠶᠠᠷ ᠢᠶᠠᠨ ᠪᠠᠭᠠᠲᠤᠷᠴᠤᠳ ᠢ ᠳᠡᠭᠡᠳᠦᠯᠡᠵᠦ ᠪᠠᠭᠠᠲᠤᠷᠴᠤᠳ ᠠᠴᠠ ᠰᠤᠷᠤᠯᠴᠠᠨ | ᠪᠠᠭᠠᠲᠤᠷᠴᠤᠳ ᠢ ᠬᠠᠶᠢᠷᠠᠯᠠᠠ ᠬᠠᠯᠠᠮᠵᠢᠯᠠᠵᠦ᠂ ᠪᠠᠭᠠᠲᠤᠷᠯᠢᠭ ᠵᠤᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠵᠦ᠂ | ᠲᠤᠮᠲᠠᠲᠤ ᠶᠢᠨ ᠦᠨᠲᠦᠰᠦᠲᠠᠠ ᠤ ᠠᠭᠤᠤ ᠶᠡᠭᠡ ᠰᠡᠷᠭᠦᠨ ᠮᠡᠡᠲᠦᠯᠲᠠ ᠶᠢ ᠪᠡᠶᠡᠯᠡᠭᠦᠯᠬᠦ ᠠᠤᠭ᠎ᠠ ᠬᠦᠴᠤᠨ ᠢ | ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠧᠴᠤᠸᠠᠨ ᠮᠤᠵᠢ ᠶᠢᠨ ᠬᠤᠪᠢᠰᠬᠠᠯ ᠤᠨ ᠵᠡᠮᠳᠡᠭ ᠴᠡᠷᠢᠭ ᠤᠨ ᠰᠤᠪᠢᠯᠠᠯᠳᠠ ᠶᠢᠨ ᠬᠦᠷᠢᠶᠡᠯᠡᠩ 1951 | ᠤᠨ ᠳᠤ ᠪᠠᠶᠢᠭᠤᠯᠤᠭᠳᠠᠵᠤ᠂ ᠤᠷᠢᠳ ᠬᠤᠵᠢᠳ 2800 ᠭᠠᠷᠤᠢ ᠵᠡᠮᠲᠡᠭ ᠴᠡᠷᠢᠭ ᠢ ᠲᠦᠪᠯᠡᠷᠡᠭᠦᠯᠤᠨ ᠠᠰᠠᠷᠠᠵᠤ | ᠬᠠᠷᠠᠭᠠᠯᠵᠠᠪᠠ᠂ ᠡᠭᠦᠨ ᠳᠤ ᠠᠮᠧᠷᠢᠺᠠ ᠶᠢ ᠡᠰᠡᠷᠭᠦᠴᠡᠵᠦ ᠰᠤᠯᠤᠩᠭᠤᠰ ᠢ ᠲᠤᠰᠠᠯᠠᠬᠤ ᠲᠠᠶᠢᠨ ᠳᠤ ᠤᠷᠤᠯᠴᠠᠭᠰᠠᠠ | ᠪᠠᠶᠢᠯᠳᠤᠭᠴᠢ 2200 ᠤᠷᠴᠢᠮ ᠪᠤᠢ᠃ 60 ᠭᠠᠷᠤᠢ ᠵᠢᠯ ᠤᠨ ᠲᠤᠷᠰᠢ᠂ ᠲᠤᠰ ᠬᠦᠷᠢᠶᠡᠯᠡᠩ ᠤᠨ ᠵᠡᠮᠲᠡᠭ ᠴᠡᠷᠢᠭ | ᠡᠩ ᠤᠨ ᠬᠦᠮᠦᠨ ᠤ ᠲᠦᠰᠦᠭᠡᠯᠡᠭᠦᠶᠠ ᠪᠡᠷᠭᠡ ᠬᠦᠴᠢᠷ ᠪᠡᠷᠬᠡᠰᠢᠶᠠᠯ ᠢ ᠢᠯᠠᠠ ᠲᠠᠪᠠᠵᠦ᠂ ᠡᠭᠡ ᠤᠯᠤᠰ ᠤᠨ ᠢᠶᠠᠨ | ᠪᠦᠲᠦᠭᠡᠡ ᠪᠠᠶᠢᠭᠤᠯᠤᠯᠲᠠ ᠳᠤ ᠴᠢᠲᠠᠯ ᠤᠨ ᠬᠢᠷᠢ ᠪᠠᠷ ᠢᠶᠠᠨ ᠬᠤᠪᠢ ᠨᠡᠮᠡᠷᠢ ᠦᠵᠡᠭᠦᠯᠪᠠ᠂ ᠤᠯᠠᠮᠵᠢᠯᠠᠯᠲᠦ ᠰᠤᠷᠭᠠᠨ | ᠬᠦᠮᠦᠵᠢᠯ ᠤᠨ ᠠᠯᠪᠠᠠ ᠵᠢᠷᠤᠮ ᠤᠨ ᠮᠡᠲᠡᠭᠦᠯᠦᠯᠲᠡ ᠶᠢ ᠲᠦᠮᠡ ᠰᠢᠬᠠᠮ ᠲᠠᠯᠠᠪᠤᠷ ᠬᠢᠵᠦ᠂ ᠮᠡᠲᠡᠭᠦᠯᠦᠯᠲᠡ ᠶᠢ | ᠰᠤᠨᠤᠰᠤᠭᠰᠠᠳ 300 ᠭᠠᠷᠤᠢ ᠲᠦᠮᠡᠡ ᠬᠦᠮᠦᠨ ᠤᠲᠠᠭ᠎ᠠ ᠳᠤ ᠬᠦᠷᠴᠤ᠂ ᠨᠡᠶᠢᠭᠡᠮ ᠳᠡᠭᠡᠷ᠎ᠠ ᠢᠲᠡᠪᠬᠢᠲᠠᠢ ᠲᠤᠰᠬᠠᠯ | ᠭᠠᠷᠴᠠᠢ᠃ 2019 ᠤᠨ ᠳᠤ ᠲᠤᠰ ᠬᠦᠷᠢᠶᠡᠯᠡᠩ ︽ᠪᠦᠬᠦ ᠤᠯᠤᠰ ᠤᠨ ᠴᠡᠷᠢᠭ ᠤᠨ ᠠᠯᠪᠠ ᠠᠴᠠ | ᠬᠠᠯᠠᠭᠲᠠᠭᠰᠠᠳ ᠤᠨ ᠠᠵᠢᠯ ᠤᠨ ᠵᠢᠱᠢᠶᠡᠴᠢ ᠨᠢᠭᠡᠴᠢ︾ ᠪᠠᠷ ᠬᠦᠬᠢᠭᠦᠯᠦᠭᠲᠡᠡ ᠰᠠᠶᠢᠰᠢᠶᠠᠭᠲᠠᠵᠠᠢ᠃ ᠤᠢᠢᠷ᠎ᠠ ᠳᠤ | ᠲᠤᠰ ᠬᠦᠷᠢᠶᠡᠯᠡᠩ ᠤᠨ ᠰᠠᠶᠢᠨ ᠲᠤᠷ᠎ᠠ ᠶᠢᠨ ᠴᠡᠷᠢᠭ ᠤᠨ ᠠᠬᠠᠮᠠᠳ ᠪᠠᠶᠢᠯᠲᠤᠭᠴᠢ ᠲᠦ᠋ ᠪᠦᠸᠧ ᠢ ᠪᠦᠬᠦ ᠵᠡᠮᠲᠡᠭ | ᠴᠡᠷᠢᠭ ᠢ ᠲᠦᠯᠦᠭᠡᠯᠡᠨ ᠲᠡᠷᠢᠭᠦᠯᠡᠭᠴᠢ ᠰᠢ ᠶᠢᠨ ᠫᠢᠩ ᠳᠤ ᠵᠠᠬᠢᠲᠠᠯ ᠪᠢᠴᠢᠵᠦ᠂ ᠠᠵᠢᠯ ᠠᠮᠢᠲᠤᠷᠠᠯ ᠤᠨ ᠪᠠᠶᠢᠲᠠᠯ ᠢᠶᠠᠨ | ᠬᠠᠷᠢᠭᠤ ᠮᠡᠲᠡᠭᠦᠯᠵᠦ᠂ ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠤᠭ | ᠴᠢᠨᠠᠷ ᠢᠶᠠᠨ ᠪᠠᠳᠤᠯᠠᠵᠤ᠂ ᠲᠤᠮᠲᠠᠲᠤ ᠶᠢᠨ ᠦᠨᠲᠦᠰᠦᠲᠠᠠ ᠤ ᠠᠭᠤᠤ ᠶᠡᠭᠡ ᠰᠡᠷᠭᠦᠨ ᠮᠠᠠᠲᠤᠯᠲᠠ ᠶᠢ ᠪᠡᠶᠡᠯᠡᠭᠦᠯᠬᠦ ᠳᠤ | ᠦᠷᠭᠦᠯᠵᠢᠯᠡᠨ ᠬᠦᠴᠤᠨ ᠴᠢᠲᠠᠯ ᠢᠶᠠᠨ ᠨᠡᠮᠡᠷᠢᠯᠡᠬᠦ ᠡᠷᠡᠰ ᠵᠤᠷᠢᠭ ᠢᠶᠠᠨ ᠢᠯᠡᠳᠭᠡᠭᠰᠡᠡ ᠪᠠᠶᠢᠨ᠎ᠠ᠃ | |