ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠬᠦᠴᠡᠵᠥ ᠰᠤᠯᠤᠩᠭᠤᠰ ᠢ ᠳᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ 23 ᠤ ᠦᠳᠡ ᠶᠢᠨ ᠡᠮᠤᠨ᠎ᠡ ᠪᠡᠬᠡᠵᠢᠩ ᠳᠤ ᠦᠪᠡᠳᠡᠭᠰᠢ ᠶᠡᠭᠡ ᠪᠠᠷ ᠶᠠᠪᠤᠬᠳᠠᠨ᠎ᠠ
ᠨᠡᠶᠢᠲᠡᠯᠡᠭᠰᠡᠨ ᠴᠠᠭ᠄
2020/10/22
   ᠰᠢ ᠶᠢᠨ ᠫᠢᠩ ᠶᠡᠭᠡ ᠬᠤᠷᠠᠯ ᠳᠤ ᠤᠷᠤᠯᠴᠠᠬᠤ ᠪᠦᠬᠡᠳ ᠴᠢᠬᠤᠯᠠ ᠶᠠᠷᠢᠶ᠎ᠠ ᠳᠠᠯᠪᠢᠨ᠎ᠠ    ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠬᠦᠴᠡᠵᠥ ᠰᠤᠯᠤᠩᠭᠤᠰ ᠢ ᠳᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ 10 ᠰᠠᠷ᠎ᠠ ᠶᠢᠨ 23 ᠤ ᠦᠳᠡ ᠶᠢᠨ ᠡᠮᠤᠨᠡᠬᠢ 10 ᠴᠠᠬ ᠲᠤ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠳᠠᠩᠬᠢᠮ ᠳᠤ ᠦᠪᠡᠳᠡᠭᠰᠢ ᠶᠡᠭᠡ ᠪᠠᠷ ᠶᠠᠪᠤᠬᠳᠠᠨ᠎ᠠ᠃ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠶᠡᠭᠡ ᠬᠤᠷᠠᠯ ᠳᠤ ᠤᠷᠤᠯᠴᠠᠬᠤ ᠪᠦᠬᠡᠳ ᠴᠢᠬᠤᠯᠠ ᠶᠠᠷᠢᠶ᠎ᠠ ᠳᠠᠯᠪᠢᠨ᠎ᠠ᠃    ᠳᠤᠬᠠᠢ ᠶᠢᠨ ᠦᠶ᠎ᠡ ᠳᠤ ᠳᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠡ᠂ ᠰᠢᠨᠬᠤᠸᠠ ᠰᠦᠯᠵᠢᠶ᠎ᠡ ᠠᠴᠠ ᠶᠡᠭᠡ ᠬᠤᠷᠠᠯ ᠤᠨ ᠰᠢᠭᠤᠳ ᠨᠡᠪᠳᠡᠷᠡᠬᠦᠯᠭᠡ ᠬᠢᠵᠦ᠂ ᠠᠷᠠᠳ ᠤᠨ ᠰᠦᠯᠵᠢᠶ᠎ᠡ᠂ ᠳᠦᠪ ᠲᠧᠯᠸᠢᠰ ᠤᠨ ᠰᠦᠯᠵᠢᠶ᠎ᠡ᠂ ᠳᠤᠮᠳᠠᠳᠤ ᠤᠯᠤᠰ ᠤᠨ ᠰᠦᠯᠵᠢᠶ᠎ᠡ ᠵᠡᠷᠬᠡ ᠳᠦᠪ ᠤᠨ ᠴᠢᠬᠤᠯᠠ ᠰᠤᠨᠢᠨ ᠮᠡᠳᠡᠬᠡᠨ ᠤ ᠰᠦᠯᠵᠢᠶ᠎ᠡ ᠪᠤᠯᠤᠨ ᠠᠷᠠᠳ ᠤᠨ ᠡᠳᠤᠷ ᠤᠨ ᠰᠤᠨᠢᠨ ᠤ ᠰᠢᠯᠵᠢᠶ᠎ᠡ᠂ ᠰᠢᠨᠬᠤᠸᠠ ᠬᠤᠷᠢᠶᠠᠨ ᠤ ᠰᠢᠯᠵᠢᠶ᠎ᠡ᠂ ᠳᠦᠪ ᠲᠧᠯᠸᠢᠰ ᠤᠨ ᠰᠤᠨᠢᠨ ᠮᠡᠳᠡᠬᠡᠨ ᠤ ᠰᠢᠯᠵᠢᠶ᠎ᠡ ᠵᠡᠷᠬᠡ ᠰᠢᠨ᠎ᠡ ᠵᠠᠭᠤᠴᠢᠯᠠᠭᠤᠷ ᠤᠨ ᠳᠠᠪᠴᠠᠩ ᠢᠵᠢᠯᠢ ᠠᠯᠬᠤᠮ ᠢᠶᠠᠷ ᠳᠠᠮᠵᠢᠭᠤᠯᠤᠨ ᠨᠡᠪᠳᠡᠷᠡᠬᠦᠯᠬᠦ ᠪᠤᠯᠤᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号