ᠮᠠᠨ ᠤ ᠬᠤᠰᠢᠭᠤ ︽ᠬᠡᠷ ᠪᠦᠯᠢ ᠠᠴᠠ ᠡᠵᠡᠩᠨᠡᠭᠰᠡᠨ ᠣᠢ ᠰᠢᠭᠤᠢ ᠶᠢᠨ ᠳᠠᠯᠠᠪᠠᠢ᠂ ᠨᠣᠳᠤᠭ ᠪᠡᠯᠴᠢᠬᠡᠷ  ᠤᠨ ᠵᠢᠱᠢᠶᠠᠴᠢ ᠡᠷᠣᠬᠡ︾ ᠶᠢ ᠢᠳᠡᠪᠬᠢᠳᠡᠢ ᠬᠦᠭᠢᠬᠦᠯᠣᠨ ᠵᠣᠷᠢᠭᠵᠢᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2020/10/22
     ᠮᠠᠨ ᠤ ᠬᠤᠰᠢᠭᠤ ᠠᠮᠢ ᠠᠬᠤᠢ ᠨᠣᠳᠤᠭ ᠪᠠᠯᠴᠢᠬᠡᠷ ᠢᠶᠠᠨ ᠵᠣᠬᠢᠰᠳᠠᠢ ᠬᠠᠮᠠᠭᠠᠯᠠᠨ ᠬᠦᠭᠵᠢᠬᠦᠯᠣᠭ᠍ᠰᠡᠨ ᠮᠠᠯᠴᠢᠨ ᠲᠠᠷᠢᠶᠠᠴᠢᠨ ᠡᠷᠤᠬᠡ ᠳᠤ ᠬᠡᠷ ᠪᠦᠯᠢ ᠠᠴᠠ ᠡᠵᠡᠩᠨᠡᠭᠰᠡᠨ ᠣᠢ ᠰᠢᠭᠤᠢ ᠶᠢᠨ ᠳᠠᠯᠠᠪᠠᠢ ᠪᠣᠯᠣᠨ ᠨᠣᠳᠤᠭ ᠪᠡᠯᠴᠢᠬᠡᠷ  ᠤᠨ ᠵᠢᠱᠢᠶᠠᠴᠢ ᠡᠷᠣᠬᠡ ᠶᠢᠨ ᠫᠠᠶᠢᠰᠠ ᠣᠯᠭᠤᠵᠦ᠂ ᠲᠡᠳᠡᠨ ᠤ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠡᠶᠢᠭᠤᠯᠣᠯᠳᠠ ᠳᠤ ᠦᠵᠡᠭᠦᠯᠣᠭ᠍ᠰᠡᠨ ᠭᠠᠪᠢᠶ᠎ᠠ ᠵᠢᠳᠭᠦᠯ ᠢ ᠦᠨᠡᠯᠡᠬᠦ ᠶᠢᠨ ᠬᠠᠮᠲᠣ ᠳᠠᠶᠢᠴᠢᠯᠠᠨ ᠳᠠᠭᠠᠭᠤᠯᠣᠭᠴᠢ ᠶᠢᠨ ᠣᠶᠢᠯᠡᠳᠣᠯ ᠢ ᠬᠦᠢᠴᠡᠳ ᠪᠠᠳᠠᠷᠠᠭᠤᠯᠵᠣ ᠪᠠᠶᠢᠨ᠎ᠠ᠃  
     ᠣᠶᠢᠷ᠎ᠠ ᠶᠢᠨ ᠡᠳᠣᠷ᠂ ᠬᠤᠲᠠ ᠬᠤᠰᠢᠭᠤ ᠬᠤᠶᠠᠷ ᠱᠠᠳᠣᠨ ᠤ ᠣᠢ ᠰᠢᠭᠤᠢ ᠪᠠ ᠨᠣᠳᠤᠭ ᠪᠡᠯᠴᠢᠭᠡᠷ ᠤᠨ ᠳᠣᠪᠴᠢᠶᠠᠨ ᠠᠴᠠ ᠵᠣᠬᠢᠶᠠᠨ ᠪᠠᠶᠢᠭᠤᠯᠣᠨ ᠬᠢᠵᠣ ᠪᠠᠶᠢᠭ᠎ᠠ ᠬᠡᠷ ᠪᠦᠯᠢ ᠠᠴᠠ ᠡᠵᠡᠩᠨᠡᠭᠰᠡᠨ ᠣᠢ ᠰᠢᠭᠤᠢ ᠶᠢᠨ ᠳᠠᠯᠠᠪᠠᠢ ᠪᠣᠯᠣᠨ ᠨᠣᠳᠤᠭ ᠪᠡᠯᠴᠢᠬᠡᠷ ᠤᠨ ᠵᠢᠱᠢᠶᠠᠴᠢ ᠡᠷᠣᠬᠡ ᠳᠤ ᠫᠠᠶᠢᠰᠠ ᠣᠯᠭᠤᠬᠤ ᠠᠵᠢᠯᠯᠠᠭ᠎ᠠ ᠭᠠᠯᠠᠭᠤᠲᠤ ᠪᠠᠯᠭᠠᠰᠤᠨ ᠤ ᠪᠠᠶ᠋ᠬᠠᠦ᠋ᠨᠳᠦᠷ ᠭᠠᠴᠠᠭᠠᠨ ᠤ ᠮᠠᠯᠴᠢᠨ ᠤᠳᠬᠤᠨ ᠤ ᠳᠤ ᠶᠠᠪᠣᠭᠳᠠᠯ᠎ᠠ᠃ ᠮᠠᠯᠴᠢᠨ ᠤᠳᠬᠠᠨ ᠤ ᠬᠢᠨ 1987 ᠣᠨ ᠠᠴᠠ ᠡᠬᠢᠯᠡᠨ 3000 ᠭᠠᠷᠣᠢ ᠡᠯᠡᠰᠦ ᠮᠠᠩᠬᠠᠨ ᠪᠡᠯᠴᠢᠬᠡᠷ ᠢᠶᠠᠨ ᠣᠶᠢᠵᠢᠭᠤᠯᠣᠨ ᠨᠣᠭᠤᠭᠠᠷᠠᠭᠤᠯᠣᠭᠠᠳ ᠠᠮᠵᠢᠯᠲᠠ ᠣᠯᠵᠣ ᠤᠳᠤ ᠪᠣᠯᠬᠤ ᠳᠤ 200 ᠭᠠᠷᠤᠢ ᠣᠷᠳᠣᠰ ᠨᠠᠷᠢᠨ ᠨᠣᠣᠰᠣᠳᠣ ᠬᠤᠨᠢ ᠪᠣᠯᠣᠨ 50 ᠭᠠᠷᠤᠢ ᠦᠬᠡᠷ ᠮᠠᠯᠵᠢᠵᠤ ᠵᠢᠯ ᠤᠨ ᠴᠡᠪᠡᠷ ᠤᠷᠤᠯᠭ᠎ᠠ 20 ᠲᠦᠮᠡᠨ ᠲᠦᠬᠦᠷᠢᠭ ᠲᠤ ᠬᠦᠷᠳᠡᠭ ᠪᠠᠶᠢᠨ᠎ᠠ ᠃ ᠲᠡᠷᠡ ᠨᠣᠳᠤᠭ ᠪᠡᠯᠴᠢᠭᠡᠷ ᠢᠶᠠᠨ ᠣᠶᠢᠵᠢᠭᠤᠯᠣᠨ ᠠᠮᠢ ᠠᠬᠤᠢ᠂ ᠠᠵᠣ ᠠᠬᠤᠢ ᠶᠢᠨ ︽ᠬᠤᠣᠰ ᠠᠰᠢᠭ︾ ᠬᠦᠷᠲᠠᠵᠣ ᠠᠶᠢᠯ ᠠᠶᠢᠮᠠᠭ ᠲᠤ ᠪᠠᠨ ᠳᠠᠭᠤᠷᠢᠶᠠᠯ ᠪᠣᠯᠣᠭᠰᠠᠨ ᠢᠶᠠᠷ ᠡᠨ᠋ᠨ ᠤᠳᠠᠭᠠᠨ ᠤ ᠵᠢᠱᠢᠶᠠᠴᠢ ᠡᠷᠦᠬᠡ ᠶᠢᠨ ᠢᠷᠠᠭᠤ ᠠᠯᠳᠡᠷ ᠢ ᠬᠦᠷᠲᠡᠯ᠎ᠡ᠃      ᠦᠥᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠪᠠᠶ᠋ᠬᠠᠦ᠋ᠨᠳᠦᠷ ᠭᠠᠴᠠᠭᠠᠨ ᠤ ᠮᠠᠯᠴᠢᠨ ᠤᠳᠬᠤᠨ᠄ ︽ᠡᠨᠡ ᠤᠳᠠᠭ᠎ᠠ ᠵᠢᠱᠢᠶᠡᠴᠢ ᠡᠷᠦᠬᠡ ᠪᠤᠯᠤᠭᠰᠠᠨ ᠳᠤ ᠪᠢ ᠮᠠᠰᠢ ᠶᠡᠭᠡ ᠪᠠᠶᠠᠷᠯᠠᠨ ᠤᠮᠤᠭᠰᠢᠵᠤ ᠪᠠᠶᠢᠨ᠎ᠠ᠃ ᠬᠤᠵᠢᠮ ᠬᠤᠶᠢᠰᠢᠳᠠ ᠨᠡᠩ ᠢᠯᠡᠬᠦᠦ ᠴᠢᠷᠮᠠᠶᠢᠨ ᠠᠵᠢᠯᠯᠠᠵᠤ ᠨᠤᠲᠤᠭ ᠪᠡᠯᠴᠢᠭᠡᠷ ᠢᠶᠠᠨ ᠨᠤᠭᠤᠭᠠᠷᠠᠭᠤᠯᠤᠨ᠎ᠠ︾ ᠬᠡᠵᠤ ᠵᠤᠷᠢᠭᠲᠠᠢ ᠶᠠᠷᠢᠵᠤ ᠪᠠᠶᠢᠯ᠎ᠠ᠃
     ᠮᠠᠨ ᠤ ᠬᠤᠰᠢᠭᠤ ᠡᠨ᠋ᠨ ᠣᠳᠠᠭᠠᠨ ᠤ ᠠᠵᠢᠯᠯᠠᠭ᠎ᠠ ᠳᠡᠭᠡᠷ᠎ᠡ ᠣᠯᠠᠨ ᠵᠣᠶᠢᠯ ᠤᠨ ᠵᠣᠬᠢᠰᠳᠡᠢ ᠠᠷᠭ᠎ᠠ ᠶᠢ ᠰᠦᠪᠡᠭᠴᠢᠯᠡᠨ ᠨᠣᠳᠤᠭ ᠪᠡᠯᠴᠢᠬᠡᠷ ᠠᠮᠢ ᠠᠬᠤᠢ ᠪᠠᠨ ᠬᠠᠮᠠᠭᠠᠯᠠᠨ ᠬᠦᠭᠵᠢᠬᠦᠯᠵᠣ ᠣᠶᠢᠯᠡᠳᠪᠣᠷᠢᠯᠡᠯ ᠠᠮᠢᠳᠣᠷᠠᠯ ᠢᠶᠠᠨ ᠴᠢᠨᠡᠭᠡᠯᠢᠭᠵᠢᠬᠦᠯᠣᠨ ᠬᠦᠳᠡᠭᠡ ᠳᠣᠰᠬᠤᠨ ᠢ ᠬᠦᠭᠵᠢᠬᠦᠯᠬᠦ ᠦᠯᠢᠬᠡᠷ ᠳᠠᠭᠤᠷᠢᠶᠠᠯ ᠪᠣᠯᠣᠭᠰᠠᠨ ᠬᠡᠷ ᠪᠦᠯᠢ ᠠᠴᠠ ᠡᠵᠡᠩᠨᠡᠭᠰᠡᠨ ᠣᠢ ᠰᠢᠭᠤᠢ ᠶᠢᠨ ᠳᠠᠯᠠᠪᠠᠢ ᠪᠣᠯᠣᠨ ᠨᠣᠳᠤᠭ ᠪᠡᠯᠴᠢᠬᠡᠷ ᠤᠨ 33 ᠵᠢᠱᠢᠶᠠᠴᠢ ᠡᠷᠣᠬᠡ ᠳᠤ ᠫᠠᠶᠢᠰᠠ ᠣᠯᠭᠤᠭᠰᠠᠨ ᠪᠠᠶᠢᠨ᠎ᠠ᠃      ᠮᠠᠨ ᠤ ᠬᠤᠰᠢᠭᠤᠨ ᠤ ᠣᠢ ᠰᠢᠭᠤᠢ ᠪᠠ ᠨᠣᠳᠤᠭ ᠪᠡᠯᠴᠢᠭᠡᠷ ᠤᠨ ᠳᠣᠪᠴᠢᠶ᠎ᠠ ᠨᠢ ᠣᠷᠣᠨ ᠬᠤᠲᠠ ᠶᠢᠨ ᠣᠢ ᠰᠢᠭᠤᠢ ᠨᠣᠳᠤᠭ ᠪᠡᠯᠴᠢᠭᠡᠷ ᠤᠨ ᠰᠠᠯᠠᠭ᠎ᠠ ᠮᠦᠴᠢᠷ ᠤᠨ ᠨᠢᠭᠡᠳᠣᠯᠳᠡᠢ ᠳᠣᠬᠢᠷᠠᠭᠤᠯᠭ᠎ᠠ ᠪᠠᠷ 2019 ᠣᠨ ᠤ 9 ᠳ᠋ᠦ᠋ᠬᠡᠷ ᠰᠠᠷ᠎ᠠ ᠠᠴᠠ ᠡᠬᠢᠯᠡᠨ ᠬᠡᠷ ᠪᠦᠯᠢ ᠠᠴᠠ ᠡᠵᠡᠩᠨᠡᠭᠰᠡᠨ ᠣᠢ ᠰᠢᠭᠤᠢ ᠶᠢᠨ ᠳᠠᠯᠠᠪᠠᠢ ᠪᠣᠯᠣᠨ ᠨᠣᠳᠤᠭ ᠪᠡᠯᠴᠢᠬᠡᠷ  ᠤᠨ ᠵᠢᠱᠢᠶᠠᠴᠢ ᠡᠷᠣᠬᠡ ᠳᠤ ᠫᠠᠶᠢᠰᠠ ᠣᠯᠭᠤᠬᠤ ᠠᠵᠢᠯᠯᠠᠭ᠎ᠠ ᠶᠢ ᠶᠠᠪᠣᠭᠳᠠᠭᠤᠯᠣᠭᠰᠠᠨ ᠠᠴᠠ ᠨᠠᠰᠢ ᠣᠳᠣᠬᠠᠨ ᠪᠣᠯᠳᠠᠯ᠎ᠠ ᠪᠦᠬᠦ ᠬᠤᠰᠢᠭᠤᠨ ᠤ ᠭᠡᠪᠴᠢᠶᠠᠨ ᠳᠤ ᠬᠡᠷ ᠪᠦᠯᠢ ᠠᠴᠠ ᠡᠵᠡᠩᠨᠡᠭᠰᠡᠨ ᠣᠢ ᠰᠢᠭᠤᠢ ᠶᠢᠨ ᠳᠠᠯᠠᠪᠠᠢ ᠪᠣᠯᠣᠨ ᠨᠣᠳᠤᠭ ᠪᠡᠯᠴᠢᠬᠡᠷ ᠤᠨ 46 ᠵᠢᠱᠢᠶᠠᠴᠢ ᠡᠷᠣᠬᠡ ᠳᠤ ᠡᠨᠡᠬᠦ ᠢᠷᠡᠭᠤ ᠠᠯᠳᠠᠷ ᠢ ᠣᠯᠭᠤᠵᠣ ᠳᠡᠳᠡᠨ ᠤ ᠠᠵᠦ ᠠᠬᠤᠢ ᠪᠠ ᠠᠮᠢ ᠠᠬᠤᠢ ᠶᠢᠨ ︽ᠬᠤᠣᠰ ᠠᠰᠢᠭ︾ ᠬᠦᠷᠳᠡᠭᠰᠡᠨ ᠠᠷᠭ᠎ᠠ ᠲᠤᠷᠰᠢᠯᠭ᠎ᠠ ᠪᠠ ᠠᠮᠵᠢᠯᠳᠠ ᠪᠦᠲᠦᠮᠵᠢ ᠶᠢ ᠦᠨᠡᠯᠡᠨ ᠨᠤᠳᠠᠯᠠᠵᠦ ᠨᠡᠩ ᠤᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠳᠠᠭᠠᠭᠤᠯᠬᠤ ᠶᠢ ᠣᠷᠢᠶᠠᠯᠠᠭᠰᠠᠨ ᠪᠠᠶᠢᠨ᠎ᠠ᠃        ᠣᠷᠳᠣᠰ ᠬᠤᠲᠠ ᠶᠢᠨ ᠣᠢ ᠰᠢᠭᠤᠢ ᠪᠠ ᠨᠣᠳᠤᠭ ᠪᠠᠯᠴᠢᠬᠡᠷ ᠤᠨ ᠳᠣᠪᠴᠢᠶ᠎ᠠ ᠶᠢᠨ ᠳᠡᠳ᠋ ᠲᠠᠷᠤᠭ᠎ᠠ ᠣᠶᠤᠨ ᠄ ︽ᠡᠶᠢᠮᠤ ᠦᠨᠡᠮᠯᠡᠯ ᠣᠯᠭᠤᠵᠦ ᠪᠠᠶᠢᠭ᠎ᠠ ᠨᠢ ᠦᠩᠬᠡᠷᠡᠭᠰᠡᠨ ᠤ ᠣᠶᠢᠵᠢᠭᠤᠯᠤᠯᠳᠠ ᠶᠢᠨ ᠠᠮᠵᠢᠯᠳᠠ ᠪᠦᠲᠦᠮᠵᠢ ᠶᠢ ᠦᠨᠡᠯᠡᠵᠦ ᠪᠠᠶᠢᠬᠤ ᠪᠠᠷ ᠪᠠᠷᠠᠬᠤ ᠦᠭᠡᠢ ᠨᠡᠩ ᠢᠯᠠᠩᠭᠤᠶ᠎ᠠ ᠡᠬᠦᠨ ᠠᠴᠠ ᠬᠤᠶᠢᠰᠢ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠳᠤ ᠢᠳᠡᠪᠬᠢᠯᠡᠨ ᠣᠷᠤᠯᠴᠠᠬᠤ ᠶᠢ ᠣᠷᠮᠠᠰᠢᠭᠤᠯᠤᠨ ᠲᠠᠶᠢᠴᠢᠯᠠᠨ ᠲᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠬᠤ ᠶᠢ ᠵᠤᠷᠢᠵᠦ ᠪᠠᠶᠢᠨ᠎ᠠ᠂ ᠡᠬᠦᠨ ᠳᠤ ᠮᠠᠨ ᠤ ᠵᠠᠰᠠᠭ ᠤᠨ ᠣᠷᠳᠤᠨ ᠠᠴᠠ ᠪᠠᠰᠠ ᠲᠦᠷᠦ  ᠶᠢᠨ ᠪᠤᠳᠤᠯᠭ᠎ᠠ᠂ ᠪᠡᠯᠡ ᠮᠥᠩᠬᠦ᠂ ᠲᠦᠷᠦᠯ ᠵᠦᠢᠯ ᠤᠨ ᠲᠠᠯ᠎ᠠ ᠪᠠᠷ ᠲᠡᠮᠵᠢᠯᠬᠡ ᠦᠵᠡᠬᠦᠯᠬᠦ ᠪᠤᠯᠤᠨ᠎ᠠ︾ ᠬᠡᠵᠤ ᠪᠠᠶᠢᠯ᠎ᠠ᠃          
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号