ᠮᠠᠨ ᠤ ᠬᠤᠰᠢᠭᠤ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠪᠠᠷ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/10/22
     ᠤᠶᠢᠷ᠎ᠠ ᠶᠢᠨ ᠡᠳᠤᠷ᠂ 2020 ᠣᠨ ᠤ ᠮᠠᠨ ᠤ ᠬᠤᠰᠢᠭᠤᠨ ᠤ ᠰᠣᠶᠣᠯ ᠤᠨ ᠣᠷᠳᠣᠨ ᠤ ᠣᠯᠠᠨ ᠳᠦᠮᠡᠨᠴᠢ ᠰᠣᠶᠣᠯ ᠤᠨ ᠦᠢᠯᠡᠴᠢᠯᠡᠬᠡᠨ ᠤ ᠪᠣᠯᠪᠠᠰᠣᠷᠠᠯ ᠤᠨ ᠠᠩᠬᠢ ᠳᠡᠬᠦᠰᠦᠭᠰᠡᠨ ᠬᠠᠷᠢᠭᠤ ᠮᠡᠳᠡᠬᠦᠯᠦᠯᠳᠡ ᠶᠢᠨ ᠳᠣᠭᠯᠠᠯᠳᠠ ᠬᠤᠰᠢᠭᠤ ᠰᠣᠶᠣᠯ ᠤᠨ ᠠᠵᠢᠯᠯᠠᠭᠠᠨ ᠤ ᠳᠦᠪ ᠲᠤ ᠠᠮᠵᠢᠯᠳᠠ ᠲᠠᠢ ᠶᠠᠪᠣᠭᠳᠠᠭᠰᠠᠨ ᠪᠠᠶᠢᠨ᠎ᠠ᠃ ᠳᠣᠰ ᠣᠳᠠᠭᠠᠨ ᠤ ᠬᠠᠷᠢᠭᠤ ᠮᠡᠳᠡᠬᠦᠯᠦᠯᠲᠡ ᠶᠢᠨ ᠳᠣᠭᠯᠠᠯᠳᠠ ᠳᠤ ᠰᠣᠶᠣᠯ ᠤᠨ ᠣᠷᠳᠣᠨ ᠤ ᠣᠯᠠᠨ ᠲᠦᠮᠡᠨᠴᠢ ᠪᠣᠯᠪᠠᠰᠣᠷᠠᠯ ᠤᠨ ᠠᠩᠬᠢ ᠶᠢᠨ ᠰᠣᠷᠣᠭᠴᠢᠳ ᠣᠶᠠᠩᠭ᠎ᠠ ᠳᠠᠭᠤᠣ᠂ ᠣᠷᠠᠨ ᠪᠦᠵᠢᠭ ᠠᠴᠠ ᠭᠠᠳᠠᠨ᠎ᠠ ᠶᠠᠩᠴᠢᠨ ᠬᠦᠭᠵᠢᠮ᠂ ᠳᠦᠷᠪᠡᠨ ᠣᠳᠠᠰᠣᠳᠣ ᠬᠤᠭᠤᠷ᠂ ᠮᠣᠷᠢᠨ ᠬᠤᠭᠤᠷ᠂ ᠱᠠᠨᠵᠠ ᠬᠦᠭᠵᠢᠮ᠂ ᠳ᠋ᠠᠴᠢᠩ ᠬᠦᠭᠵᠢᠮ᠂ ᠪᠠᠶᠠᠨ ᠬᠤᠭᠤᠷ ᠵᠡᠷᠭᠡ ᠣᠯᠠᠨ ᠳᠦᠷᠦᠯ ᠤᠨ ᠬᠦᠭᠵᠢᠮ ᠤᠨ ᠳᠣᠭᠯᠠᠯᠳᠠ ᠪᠠᠨ ᠭᠠᠷᠭᠠᠵᠤ ᠣᠷ᠎ᠠ ᠠᠪᠢᠶᠠᠰ ᠢᠶᠠᠨ ᠭᠠᠶᠢᠬᠠᠭᠤᠯᠣᠨ ᠮᠠᠯᠴᠢᠨ ᠳᠦᠮᠡᠨ ᠤ ᠪᠠᠨ ᠬᠠᠷᠠᠭ᠎ᠠ ᠰᠣᠨᠣᠷ ᠢ ᠪᠠᠶᠠᠰᠬᠠᠭᠰᠠᠨ ᠪᠠᠶᠢᠨ᠎ᠠ᠃      ᠦᠦᠰᠢᠨ ᠬᠤᠰᠢᠭᠤᠨ ᠤ ᠰᠣᠶᠣᠯ ᠤᠨ ᠣᠷᠳᠣᠨ ᠤ ᠳᠠᠷᠤᠭ᠎ᠠ ᠬᠠᠰᠳᠠᠯᠠᠢ᠄ ︽ᠡᠨᠡ ᠵᠢᠯ ᠤᠨ ᠬᠢᠴᠢᠶᠡᠯ ᠣᠷᠣᠭᠰᠠᠨ ᠬᠦᠮᠦᠨ ᠤ ᠳᠤᠭ᠎ᠠ ᠨᠢ ᠣᠣᠯ ᠠᠴᠠ ᠪᠠᠨ ᠣᠯᠠᠨ ᠪᠣᠯᠣᠭᠰᠠᠨ ᠪᠠᠶᠢᠨ᠎ᠠ᠃ ᠡᠨᠡ ᠨᠢ ᠣᠯᠠᠨ ᠳᠦᠮᠡᠨ ᠣᠷᠠᠯᠢᠭ ᠢ ᠬᠠᠶᠢᠷᠠᠯᠠᠵᠦ ᠪᠠᠶᠢᠬᠤ ᠢᠯᠡᠷᠡᠯ ᠪᠤᠯᠤᠨ᠎ᠠ᠃ ᠢᠩᠬᠢᠬᠡᠳ ᠪᠢᠳᠡ ᠦᠨᠦᠳᠦᠷ ᠤᠨ ᠬᠠᠷᠢᠭᠤ ᠮᠡᠳᠡᠬᠦᠯᠦᠯᠲᠡ  ᠶᠢᠨ ᠳᠣᠭᠯᠠᠯᠳᠠ ᠪᠠᠨ ᠬᠢᠵᠦ ᠳᠣᠭᠯᠠᠯᠳᠠ ᠳᠤ ᠣᠷᠣᠯᠴᠠᠵᠦ ᠪᠠᠶᠢᠭ᠎ᠠ ᠰᠣᠷᠣᠭᠴᠢ ᠬᠤᠶᠠᠷ ᠵᠠᠭᠤ ᠶᠢ ᠳᠠᠪᠠᠭᠰᠠᠨ ᠪᠠᠶᠢᠨ᠎ᠠ︾ ᠬᠡᠵᠤ ᠪᠠᠶᠢᠪᠠ᠃      ᠮᠠᠨ ᠤ ᠬᠤᠰᠢᠭᠤᠨ ᠤ ᠰᠣᠶᠣᠯ ᠤᠨ ᠣᠷᠳᠣᠨ 2016 ᠣᠨ ᠳᠤ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠬᠡᠨ ᠤ ᠪᠣᠯᠪᠠᠰᠣᠷᠠᠯ ᠤᠨ ᠠᠩᠬᠢ ᠪᠠᠨ ᠡᠷᠬᠢᠯᠡᠭᠰᠡᠨ ᠠᠴᠠ ᠨᠠᠰᠢ ᠵᠢᠯ ᠪᠣᠯᠭᠠᠨ ᠤ ᠳᠠᠪᠣᠨ ᠰᠠᠷ᠎ᠠ ᠶᠢᠨ ᠰᠡᠬᠦᠯᠴᠢ ᠠᠴᠠ ᠠᠷᠪᠠᠨ ᠰᠠᠷ᠎ᠠ ᠶᠢᠨ ᠰᠡᠬᠦᠯᠴᠢ ᠪᠣᠯᠳᠠᠯ᠎ᠠ ᠲᠠᠭᠤᠤ ᠤᠷᠠᠯᠢᠭ ᠲᠤ ᠲᠤᠷ᠎ᠠ ᠪᠠᠨᠬᠳᠠᠢ ᠬᠦᠮᠦᠰ ᠲᠤ ᠡᠯ᠎ᠡ ᠲᠦᠷᠥᠯ ᠤᠨ ᠬᠦᠭᠵᠢᠮ ᠤᠨ ᠬᠢᠴᠢᠶᠠᠯ ᠢ ᠦᠨ᠎ᠡ ᠲᠦᠯᠥᠪᠤᠷᠢ ᠦᠭᠡᠢ ᠪᠠᠷ ᠵᠢᠭᠠᠵᠤ ᠡᠨᠡ ᠵᠢᠯ ᠬᠢᠵᠢᠭ ᠤᠨ ᠪᠠᠶᠢᠳᠠᠯ  ᠠᠴᠠ ᠪᠣᠯᠣᠭᠠᠳ ᠵᠢᠷᠭᠤᠭᠠᠨ ᠰᠠᠷ᠎ᠠ ᠶᠢᠨ ᠡᠬᠢ ᠪᠠᠷ ᠶᠠᠩᠴᠢᠨ ᠬᠦᠭᠵᠢᠮ᠂ ᠳᠦᠷᠪᠡᠨ ᠣᠳᠠᠰᠣᠳᠣ ᠬᠤᠭᠤᠷ᠂ ᠳᠠᠭᠤᠣ᠂ ᠪᠦᠵᠢᠭ᠂ ᠣᠷᠠᠨ ᠪᠢᠴᠢᠯᠬᠡ ᠵᠡᠷᠭᠡ ᠠᠷᠪᠠᠨ ᠳᠦᠷᠪᠡᠨ ᠳᠦᠷᠦᠯ ᠤᠨ ᠬᠢᠴᠢᠶᠡᠯ ᠳᠦᠷᠦᠯ ᠢ ᠡᠷᠬᠢᠯᠡᠨ ᠠᠬᠤᠢ ᠳᠠᠯᠠᠪᠣᠷ ᠤᠨ ᠬᠢᠴᠢᠶᠡᠯᠯᠡᠭᠡ ᠪᠠ ᠰᠣᠶᠣᠯ ᠤᠨ ᠣᠷᠳᠣᠨ ᠤ ᠣᠯᠠᠨ ᠨᠡᠶᠢᠳᠡ ᠶᠢᠨ ᠳᠣᠭᠠᠴᠢᠯᠠᠭᠰᠠᠨ ᠳᠠᠪᠴᠠᠩ  ᠢᠶᠠᠷ ᠬᠢᠴᠢᠶᠡᠯᠯᠡᠬᠦ ᠶᠢ ᠣᠶᠠᠯᠳᠣᠭᠤᠯᠣᠭᠰᠠᠨ ᠠᠴᠠ ᠡᠨᠡ ᠵᠢᠯ ᠤᠨ ᠬᠢᠴᠢᠶᠡᠯ ᠣᠷᠣᠭᠰᠠᠨ ᠬᠦᠮᠦᠨ ᠤ ᠳᠤᠭ᠎ᠠ ᠨᠢ ᠣᠣᠯ ᠠᠴᠠ ᠪᠠᠨ ᠣᠯᠠᠨ ᠪᠣᠯᠵᠦ 950 ᠭᠠᠷᠤᠢ ᠬᠦᠮᠦᠨ ᠪᠣᠯᠪᠠᠰᠣᠷᠠᠯ ᠳᠤ ᠣᠷᠣᠯᠴᠠᠭᠰᠠᠨ ᠪᠠᠶᠢᠨ᠎ᠠ᠃ ᠡᠨᠡ ᠤᠳᠠᠭᠠᠨ ᠤ ᠬᠠᠷᠢᠭᠤ ᠮᠡᠳᠡᠭᠦᠯᠦᠯᠳᠡ ᠶᠢᠨ ᠲᠤᠭᠯᠠᠯᠳᠡ ᠨᠢ ᠦᠷᠭᠡᠨ ᠣᠯᠠᠨ ᠮᠠᠯᠴᠢᠨ ᠳᠦᠮᠡᠨ ᠤ ᠣᠷᠠᠯᠢᠭ ᠤᠨ ᠠᠪᠢᠶᠠᠰ ᠢ ᠪᠠᠳᠠᠷᠠᠭᠤᠯᠵᠦ ᠰᠣᠶᠣᠯ ᠤᠨ ᠠᠮᠢᠳᠣᠷᠠᠯ ᠢ ᠣᠯᠠᠮ ᠴᠢᠨᠠᠷᠵᠢᠭᠤᠯᠤᠨ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠬᠡᠨ ᠤ ᠰᠢᠰᠲ᠋ᠧᠮ ᠢ ᠳᠡᠬᠦᠯᠳᠡᠷᠵᠢᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号