︽ᠬᠤᠪᠢ ᠢᠷᠤᠭᠡᠯ︾ ᠲᠡᠮᠳᠡᠭᠳᠥ ᠪᠠᠩᠰᠢ ᠠᠴᠠ ᠪᠠᠶᠠᠵᠢᠯ ᠤᠨ ᠵᠠᠮ ᠰᠤᠨᠤᠯᠵᠠᠨ᠎ᠠ
ᠨᠡᠶᠢᠲᠡᠯᠡᠭᠰᠡᠨ ᠴᠠᠭ᠄
2020/10/22
     ᠤᠷᠴᠢᠮ ᠤᠨ ᠵᠢᠯ ᠤᠳ ᠠᠴᠠ ᠮᠠᠯᠴᠢᠳ ᠬᠤᠳᠠ ᠤᠷᠤᠵᠤ ᠤᠯᠠᠮᠵᠢᠯᠠᠯᠳᠤ ᠢᠳᠡᠭᠡᠨ ᠤᠮᠳᠠᠭᠠᠨ ᠢ ᠪᠤᠯᠪᠠᠰᠤᠷᠠᠭᠤᠯᠤᠨ ᠪᠤᠷᠤᠯᠠᠭᠤᠯᠵᠤ ᠠᠵᠤ ᠠᠬᠤᠢ ᠶᠢᠨ ᠤᠷᠤᠯᠭ᠎ᠠ ᠤᠯᠵᠤ ᠪᠠᠶᠢᠬᠤ ᠳᠤ ᠮᠠᠯᠴᠢᠨ ᠰᠠᠷᠠᠭᠤᠯ ᠴᠤ ᠦᠭᠡᠷ ᠤᠨ ᠮᠢᠬ᠎ᠠ ᠲᠠᠢ ᠪᠠᠩᠰᠢ ᠪᠠᠷᠢᠵᠤ ᠬᠤᠳᠠᠯᠳᠤᠭᠠᠳ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ᠃
    ᠠᠮᠢᠳᠤᠷᠠᠯ ᠤᠨ ᠲᠦᠪᠰᠢᠨ ᠲᠡᠭᠡᠭᠰᠢᠯᠡᠭᠦ ᠶᠢ ᠲᠠᠭᠠᠯᠳᠤᠨ ᠬᠦᠮᠦᠰ ᠴᠡᠪᠠᠷ ᠪᠠᠶᠢᠭᠠᠯᠢᠯᠢᠭ ᠢᠳᠡᠭᠡᠨ ᠤᠮᠳᠠᠭᠠᠨ ᠢ ᠬᠦᠭᠡᠭᠡᠴᠡᠯᠳᠤᠭᠦ ᠪᠤᠯᠤᠭᠰᠠᠨ ᠠᠴᠠ ᠮᠠᠯᠴᠢᠨ ᠰᠠᠷᠠᠭᠤᠯ ᠬᠦᠮᠦᠰ ᠤᠨ ᠭᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ ᠲᠡᠵᠢᠭᠡᠯ ᠪᠤᠷᠳᠤᠭ᠎ᠠ ᠲᠡᠵᠢᠭᠡᠭᠰᠡᠨ ᠦᠭᠡᠢ᠂ ᠤᠰᠤᠨ ᠤ ᠲᠤᠩᠭᠠᠯᠠᠭ᠂ ᠡᠪᠡᠰᠤᠨ ᠤ ᠰᠤᠷᠭᠤᠭ ᠲᠤ ᠪᠡᠯᠴᠢᠭᠡᠷᠯᠡᠭᠦᠯᠦᠭᠰᠡᠨ ᠨᠤᠳᠤᠭ ᠤᠨ ᠦᠭᠡᠷ ᠤᠨ ᠮᠢᠬ᠎ᠠ ᠲᠠᠢ ᠪᠠᠩᠰᠢ ᠪᠠᠷᠢᠨ ᠬᠤᠳᠠᠯᠳᠣᠵᠣ ᠪᠠᠶᠢᠬᠤ ᠮᠦᠷᠳᠡᠬᠡᠨ ᠠᠶᠢᠯ ᠭᠡᠷ᠂ ᠬᠤᠭᠤᠯᠠᠨ ᠭᠡᠷ᠂ ᠭᠡᠳᠤ ᠲᠡᠯᠭᠡᠭᠦᠷ ᠤᠨ ᠵᠠᠬᠢᠶᠠᠯᠯᠠᠭ᠎ᠠ ᠲᠠᠢ ᠪᠤᠯ ᠡᠭᠦᠳᠡᠨ ᠳᠤ ᠨᠢ ᠬᠦᠷᠬᠡᠨ ᠦᠭᠴᠣ ᠦᠷᠭᠡᠨ ᠤᠯᠠᠨ ᠭᠡᠷᠡᠭᠯᠡᠭᠴᠢᠳ ᠤᠨ ᠲᠠᠭᠠᠰᠢᠶᠠᠯ ᠰᠠᠶᠢᠰᠢᠶᠠᠯ ᠢ ᠣᠯᠣᠭᠰᠠᠨ ᠪᠠᠶᠢᠨ᠎ᠠ᠃
     ᠰᠡᠬᠦᠯᠡᠷ ᠨᠢ ᠰᠠᠷᠠᠭᠤᠯ ᠲᠤᠰᠬᠠᠶᠢᠯᠠᠨ ︽ᠬᠤᠪᠢ ᠢᠷᠤᠭᠡᠯ︾ ᠲᠡᠮᠳᠡᠭᠳᠥ ᠲᠠᠸᠠᠷ ᠤᠨ ᠲᠠᠮᠳᠡᠭ ᠳᠠᠩᠰᠠᠯᠠᠭᠤᠯᠣᠨ ᠮᠠᠨ ᠤ ᠬᠤᠰᠢᠭᠤᠨ ᠤ ᠣᠷᠤᠨ ᠨᠤᠳᠤᠭ ᠤᠨ ᠢᠳᠡᠭᠡᠨ ᠪᠤᠯᠪᠠᠰᠤᠷᠠᠭᠤᠯᠬᠤ ᠲᠤᠭᠤᠷᠢᠭ ᠲᠤ ᠡᠵᠡᠩᠨᠡᠯᠳᠡ ᠬᠢᠵᠣ ᠡᠬᠢᠯᠡᠭᠰᠡᠨ ᠶᠣᠮ᠃ ᠳᠠᠷᠠ ᠤᠳᠤ ᠪᠤᠯᠬᠤ ᠳᠤ ᠦᠪᠡᠷ ᠤᠨ ᠭᠡᠰᠡᠨ ᠨᠡᠷᠡᠳᠤ ᠲᠡᠮᠳᠡᠭ ᠲᠠᠢ᠂ ᠵᠤᠬᠢᠬᠤ ᠪᠠᠶᠢᠩᠭᠤ ᠶᠢᠨ ᠭᠡᠷᠡᠭᠯᠡᠭᠴᠢᠳ ᠲᠠᠢ ᠪᠤᠯᠵᠤ ᠠᠵᠤ ᠠᠬᠤᠢ ᠶᠢᠨ ᠤᠷᠤᠯᠭ᠎ᠠ ᠨᠢ ᠴᠤ ᠵᠢᠯ ᠠᠴᠠ ᠵᠢᠯ ᠰᠠᠶᠢᠵᠢᠷᠠᠵᠤ ᠪᠠᠶᠢᠨ᠎ᠠ᠃      
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号