ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠳᠤᠭᠠᠷ ᠤᠳᠠᠭᠠᠨ ᠤ ᠠᠬᠢᠭᠤᠯᠣᠯᠳᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/23
     10 ᠰᠠᠷ᠎ᠠ ᠶᠢᠨ 20᠎ ᠤ ᠡᠳᠦᠷ᠂ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠳᠤᠭᠠᠷ ᠤᠳᠠᠭᠠᠨ ᠤ ᠠᠬᠢᠭᠤᠯᠣᠯᠳᠠ ᠶᠢᠨ ᠬᠤᠷᠠᠯ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠬᠤᠰᠢᠭᠤ ᠤᠳᠤᠷᠢᠳᠤᠯᠭ᠎ᠠ ᠪᠤᠶᠠᠨᠮᠠᠨᠳᠤᠬᠤ᠂ ᠬᠤᠤ ᠸᠧᠶ᠂ ᠯᠠᠨ ᠲᠢᠶᠠᠨ᠂ ᠰᠦ᠋ ᠰᠢᠨ ᠹᠠ᠂ ᠵᠠᠩ ᡁᠢ ᠰᠢᠦ᠋ᠩ᠂ ᠭᠤᠤ ᠬᠤ᠋ ᠪᠤᠯᠤᠨ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠭᠰᠠᠨ ᠪᠠᠶᠢᠨ᠎ᠠ᠃      ᠬᠤᠷᠠᠯ ᠠᠴᠠ ᠳᠡᠭᠡᠳᠦ ᠱᠠᠲᠤᠨ ᠤ ᠣᠶᠢᠷ᠎ᠠ ᠶᠢᠨ ᠬᠤᠭᠤᠴᠠᠭᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠦᠬᠦᠯᠢ ᠴᠣᠭᠴᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠲᠤᠰᠬᠠᠶ ᠲᠡᠮᠡᠴᠡᠯ ᠤᠨ ᠬᠠᠲᠠᠭᠤ ᠴᠢᠩᠭ᠎ᠠ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠴᠢᠬᠤᠯᠠ ᠶᠡᠭᠡ ᠤᠯᠤᠰ ᠲᠥᠷᠤ ᠶᠢᠨ ᠡᠭᠦᠷᠭᠡ ᠪᠣᠯᠭᠠᠵᠤ ᠪᠥᠬᠦ ᠲᠠᠯ᠎ᠠ ᠳᠤ ᠬᠤᠯᠪᠣᠭᠳᠠᠬᠤ ᠲᠣᠪᠤᠶᠢᠮ᠎ᠠ ᠪᠠᠶᠢᠷᠢᠨ ᠳᠤ ᠳᠡᠯᠪᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ︽ᠵᠢᠷᠭᠤᠭ᠎ᠠ ᠶᠢ ᠴᠡᠪᠡᠷᠯᠡᠬᠦ︾ ᠠᠵᠢᠯ ᠢ ᠰᠠᠶᠢᠲᠤᠷ ᠠᠳᠬᠤᠵᠤ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠠᠨ ᠪᠠᠶᠠᠯᠠᠭᠦᠯᠭᠦ ᠬᠡᠷᠡᠭᠲᠡᠶ᠃ ᠠᠵᠢᠯ ᠤᠨ ᠬᠠᠮᠳᠤ ᠶᠢᠨ ᠬᠦᠴᠦᠨ ᠢ ᠨᠡᠮᠡᠭᠳᠡᠭᠦᠯᠤᠨ ᠬᠠᠮᠲᠤᠷᠠᠨ ᠭᠥᠳᠡᠯᠤᠯᠴᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠠᠷᠢᠯᠴᠠᠨ ᠲᠦᠯᠬᠢᠯᠴᠡᠬᠦ ᠦᠵᠡᠭᠳᠡᠯ ᠢ ᠬᠤᠷᠢᠭᠯᠠᠨ ︽ᠵᠢᠷᠭᠤᠭ᠎ᠠ ᠶᠢ ᠴᠡᠪᠡᠷᠯᠡᠬᠦ︾ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠭᠡᠷᠡᠭᠳᠠᠢ᠃ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠪᠠᠨ ᠲᠡᠭᠡᠭᠰᠢᠯᠠᠭᠦᠯᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠲᠥᠪᠯᠡᠷᠡᠭᠦᠯᠦᠨ ᠰᠢᠪᠲᠤᠯᠤᠯᠲᠠ ᠭᠢᠭᠦ ᠭᠡᠷᠡᠭᠳᠠᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠤᠯᠬᠤ ᠶᠢ ᠠᠭᠢᠭᠤᠯᠬᠤ ᠬᠡᠷᠡᠭᠲᠡᠶ᠃ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠪᠠᠭᠢᠵᠢᠭᠦᠯᠵᠤ ᠲᠤᠰᠬᠠᠶ ᠲᠡᠮᠡᠴᠡᠯ ᠤᠨ ᠠᠮᠵᠢᠯᠲᠠ ᠲᠠᠢ ᠲᠤᠷᠰᠢᠯᠭ᠎ᠠ ᠪᠣᠯᠤᠨ ᠲᠡᠷᠢᠭᠦᠨ ᠤ ᠠᠷᠭ᠎ᠠ ᠪᠠᠷᠢᠯ ᠢ ᠪᠦᠬᠦ ᠲᠠᠯ᠎ᠠ ᠪᠠᠷ ᠰᠢᠰᠲ᠋ᠧᠮ ᠲᠠᠢ ᠳ᠋ᠥᠩᠨᠡᠵᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠡᠴᠦᠰ ᠤᠨ ᠪᠣᠭᠤᠮᠲᠠ ᠰᠢᠪᠲᠤᠯᠬᠤ ᠲᠠᠶᠢᠯᠠᠯᠳᠤᠭᠠᠨ ᠤ ᠢᠯᠠᠯᠲᠠ ᠶᠢ ᠣᠯᠵᠤ ᠠᠮᠤᠭᠤᠯᠠᠩ ᠥᠥᠰᠢᠨ ᠢ ᠴᠢᠷᠮᠠᠶᠢᠨ ᠪᠠᠶᠢᠭᠤᠯᠵᠤ ᠨᠤᠮᠢᠨ ᠲᠠᠩᠰᠤᠭ ᠥᠥᠰᠢᠨ ᠤ ᠰᠢᠨ᠎ᠡ ᠴᠠᠭ ᠦᠶ᠎ᠡ ᠳᠤ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠡᠶᠡᠯᠡᠭᠦᠯᠬᠦ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号