ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2020/10/23
   ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 10 ᠰᠠᠷ᠎ᠠ ᠶᠢᠨ 22 ᠤᠨ ᠡᠳᠦᠷ ᠬᠤᠷᠠᠯ ᠬᠤᠷᠠᠯᠳᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠵᠤ ᠦᠨᠡᠯᠡᠭᠰᠡᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠰᠢ ᠶᠢᠨ ᠫᠢᠩ᠂ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠳᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠵᠣᠬᠢᠴᠠᠩᠭᠤᠢ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠭᠵᠢᠯᠲᠡ ᠲᠡᠩᠴᠡᠭᠦᠷᠢ ᠦᠭᠡᠶ ᠬᠦᠢᠴᠡᠳ ᠦᠬᠡᠢ ᠪᠠᠶᠢᠬᠤ ᠶᠢᠨ ᠵᠥᠷᠢᠴᠡᠯ ᠪᠠ ᠠᠰᠠᠭᠤᠳᠠᠯ ᠢ ᠡᠷᠴᠢᠮᠳᠠᠢ ᠪᠥᠭᠡᠳ ᠡᠮᠬᠢ ᠵᠢᠷᠤᠮ ᠲᠠᠢ  ᠰᠢᠢᠳᠪᠦᠷᠢᠯᠡᠵᠤ᠂ ᠭᠠᠳᠠᠭᠠᠳᠤ ᠥᠷᠢᠰᠥᠯᠳᠦᠭᠡᠨ ᠢᠯᠡᠳᠲᠡ ᠨᠡᠮᠡᠭᠳᠡᠭᠰᠡᠨ ᠪᠤᠳᠤᠯᠢᠶᠠᠨᠲᠠᠶ ᠪᠠᠶᠢᠳᠠᠯ ᠢ ᠯᠠᠪᠳᠠᠭᠤᠨ ᠠᠷᠭᠠᠴᠠᠭᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢ ᠡᠷᠡᠰ ᠡᠰᠡᠷᠭᠦᠴᠡᠵᠦ᠂ ᠲᠣᠭᠲᠠᠭᠰᠠᠨ ᠬᠠᠷᠠᠯᠲᠠ ᠡᠭᠦᠷᠭᠡ ᠲᠡᠶᠢᠰᠢ ᠡᠷᠡᠰ ᠤᠷᠤᠭᠰᠢᠯᠠᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠶ ᠬᠡᠷᠡᠭᠵᠢᠭᠦᠯᠵᠦ᠂ ᠭᠤᠣᠯ ᠪᠣᠯᠬᠤ ᠭᠦᠢᠴᠡᠳᠬᠡᠯ ᠲᠤᠭ᠎ᠠ ᠶᠡᠷᠦᠩᠬᠡᠶ ᠳᠡᠭᠡᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠬᠦ ᠪᠠᠷ ᠪᠠᠶᠢᠵᠤ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠤᠨ 165 ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠭᠠᠷᠴᠤ᠂ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠢᠯᠠᠯᠲᠠ ᠲᠠᠢ ᠪᠠᠷ ᠪᠡᠶᠡᠯᠡᠭᠦᠯᠬᠦ ᠪᠠᠷ ᠪᠠᠶᠢᠨ᠎ᠠ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠪᠠᠷ ᠳᠠᠮᠵᠢᠨ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ ᠪᠤᠳᠠᠳᠤ ᠬᠦᠴᠦᠨ ᠰᠢᠨ᠎ᠡ ᠳᠡᠭᠲᠡᠷ ᠲᠤ ᠭᠠᠷᠴᠤ᠂ ᠠᠵᠤ ᠠᠬᠤᠢ ᠶᠢᠨ ᠡᠷᠭᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠠᠬᠤᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠨ᠂ ᠬᠦᠳᠡᠭᠡ ᠠᠵᠤ ᠠᠬᠤᠢ ᠶᠢᠨ ᠣᠳᠣᠬᠢᠴᠢᠯᠠᠯᠲᠠ ᠲᠣᠭᠲᠠᠭᠤᠨ ᠢᠶᠠᠷ ᠠᠭᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠳᠡᠯᠡᠬᠡᠶ ᠳ᠋ᠠᠬᠢᠨ ᠤ ᠠᠩᠬᠠᠷᠤᠯ ᠢ ᠲᠠᠲᠠᠪᠠ᠂ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠤᠷᠢᠳᠦ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠪᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠭᠠᠳᠠᠭᠠᠳᠤ ᠨᠡᠭᠡᠭᠡᠯᠲᠡ ᠦᠷᠭᠦᠯᠵᠢᠯᠡᠨ ᠦᠷᠭᠡᠳᠴᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠪᠠᠶᠠᠯᠢᠭ ᠦᠷ᠎ᠡ ᠪᠦᠲᠦᠭᠡᠯ ᠣᠯᠪᠠ᠂ ᠠᠷᠠᠳ ᠤᠨ ᠠᠮᠢᠳᠤᠷᠠᠯ ᠤᠨ ᠲᠦᠪᠰᠢᠨ ᠢᠯᠡᠳᠲᠡ ᠰᠠᠶᠢᠵᠢᠷᠠᠪᠠ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠲᠦᠷᠭᠡᠨ ᠠᠬᠢᠵᠠᠢ᠃ ᠨᠠᠩ ᠴᠢᠬᠤᠯᠠ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠦᠢᠯᠡᠳᠦᠯᠭᠡ ᠳᠤᠮᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠤᠯᠠᠮ ᠢᠯᠡᠷᠬᠡᠢ ᠪᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠬᠠᠳᠠᠩᠰᠢᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠪᠣᠯᠤᠨ ᠲᠡᠮᠡᠴᠡᠯ ᠤᠨ ᠵᠣᠷᠢᠭ ᠰᠠᠨᠠᠭ᠎ᠠ ᠲᠡᠮᠡᠴᠡᠯ ᠤᠨ ᠴᠢᠳᠠᠪᠤᠷᠢ ᠳᠠᠪᠲᠠᠭᠳᠠᠨ ᠪᠤᠯᠪᠠᠰᠤᠷᠠᠭᠳᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠶ ᠪᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠴᠢᠩᠭ᠎ᠠ ᠬᠦᠴᠦᠲᠡᠶ ᠤᠯᠤᠰ ᠲᠦᠷᠦ ᠶᠢᠨ ᠪᠠᠲᠤᠯᠠᠭ᠎ᠠ ᠪᠠ ᠬᠦᠴᠦᠷᠬᠡᠭ ᠶᠡᠭᠡ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠬᠠᠩᠭᠠᠵᠠᠶ ᠭᠡᠵᠦ ᠴᠢᠬᠤᠯᠠᠴᠢᠯᠠᠪᠠ᠃    ᠬᠤᠷᠠᠯ ᠠᠴᠠ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠢᠪᠳᠤᠷᠠᠭᠠᠨ ᠤ ᠠᠵᠢᠯ ᠪᠤᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠯᠠᠪᠳᠠᠭᠤᠨ ᠪᠠᠲᠤᠲᠠᠶ ᠠᠵᠢᠯᠯᠠᠨ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠰᠤᠯᠠᠷᠠᠭᠤᠯᠤᠰᠢ ᠦᠬᠡᠢ ᠴᠢᠩᠭ᠎ᠠ ᠠᠳᠬᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠲᠣᠭᠲᠠᠯ ᠬᠦᠴᠦᠨ ᠢᠶᠠᠨ ᠭᠤᠶᠢᠪᠢᠰᠢ ᠦᠭᠡᠢ ᠪᠠᠳᠤᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠷᠴᠢᠮ ᠢᠶᠠᠨ ᠴᠢᠩᠭᠠᠷᠠᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠢ ᠴᠦᠬᠦᠷᠡᠯ ᠦᠭᠡᠢ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃    ᠬᠤᠷᠠᠯ ᠠᠴᠠ᠂ ᠡᠯ᠎ᠡ ᠲᠠᠯ᠎ᠠ ᠶᠢᠨ ᠬᠢᠨ ᠤᠶᠤᠨ ᠴᠢᠳᠠᠯ ᠢᠶᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠲᠦᠯᠦᠪᠯᠡᠨ ᠠᠬᠢᠭᠤᠯᠬᠤ ᠳᠡᠭᠡᠷ᠎ᠡ ᠨᠡᠩ ᠢᠯᠡᠭᠦᠦ ᠲᠥᠪᠯᠡᠷᠡᠭᠦᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠣᠯᠤᠨ ᠵᠠᠭᠤᠨ ᠵᠢᠯ ᠳᠤ ᠲᠣᠬᠢᠶᠠᠯᠳᠤᠭ᠎ᠠ ᠦᠭᠡᠶ ᠳᠡᠯᠡᠬᠡᠶ ᠶᠢᠨ ᠶᠡᠭᠡ ᠬᠤᠪᠢᠷᠠᠯᠲᠠ ᠶᠢ ᠰᠡᠳᠬᠢᠯ ᠳᠡᠭᠡᠨ ᠪᠤᠳᠤᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠠᠴᠠ ᠪᠤᠯᠤᠭᠰᠠᠨ ᠰᠢᠨ᠎ᠡ ᠣᠨᠴᠠᠯᠢᠭ ᠰᠢᠨ᠎ᠠ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠡᠭᠡᠳᠡᠷᠡᠭᠡᠨ ᠪᠤᠳᠤᠯᠢᠶᠠᠨᠲᠠᠶ ᠣᠯᠠᠨ ᠤᠯᠤᠰ ᠤᠨ ᠣᠷᠴᠢᠨ ᠲᠣᠭᠤᠷᠢᠨ ᠠᠴᠠ ᠪᠤᠯᠤᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ ᠭᠦᠨᠵᠡᠭᠡᠶ ᠲᠠᠨᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠴᠢᠬᠤᠯᠠ ᠶᠡᠭᠡ ᠮᠠᠭᠠᠳᠯᠠᠯᠲᠠ ᠶᠢ ᠭᠦᠨᠵᠡᠭᠡᠶ ᠲᠠᠨᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠪᠠ ᠤᠯᠠᠨ ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠯᠴᠠᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠴᠤᠭᠴᠠᠯᠠᠬᠤ ᠭᠡᠷᠡᠭᠲᠡᠢ᠃ ᠢᠯᠠᠯᠲᠠ ᠶᠢᠨ ᠡᠷᠴᠢᠨ ᠳᠡᠭᠡᠷ᠎ᠡ ᠪᠠᠨ ᠡᠷᠡᠮᠡᠭᠡᠶᠢᠯᠡᠡ ᠤᠷᠤᠭᠰᠢᠯᠠᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠰᠠᠶᠢᠨ ᠰᠠᠶᠢᠬᠠᠨ ᠢᠶᠠᠷ ᠡᠬᠢᠯᠡᠭᠦᠯᠬᠦ ᠬᠡᠷᠡᠭᠳᠠᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号