︽ᠳᠤᠯᠠᠭᠠᠨ ᠪᠦᠰᠡᠬᠦᠢ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ
ᠨᠡᠶᠢᠲᠡᠯᠡᠭᠰᠡᠨ ᠴᠠᠭ᠄
2020/10/27
    — ᠪᠠᠭ᠎ᠠ ᠳᠠᠭᠠᠨ ᠬᠤᠰᠢᠭᠤᠨ ᠳᠤ ᠪᠠᠶᠢᠭ᠎ᠠ ᠰᠤᠷᠭᠠᠭᠤᠯᠢ ᠳᠠᠭᠠᠨ ᠤᠴᠢᠬᠤ ᠳᠤ ᠪᠣᠷᠣᠭᠠᠨ ᠲᠠᠢ ᠡᠳᠦᠷ ᠲᠣᠬᠢᠶᠠᠯᠳᠤᠬᠤ ᠠᠴᠠ ᠬᠠᠮᠤᠭ ᠠᠶᠤᠨ᠎ᠠ᠂ ᠠᠶᠠᠨᠴᠢᠳ ᠤᠨ ᠡᠭᠡᠯᠵᠢ ᠶᠢᠨ ᠮᠠᠰᠢᠨ ᠲᠡᠷᠭᠡ ᠨᠡᠪᠲᠡᠷᠡᠬᠦ ᠦᠭᠡᠢ ᠪᠣᠯ ᠠᠯᠬᠤᠭᠠᠳ ᠬᠤᠰᠢᠭᠤᠨ ᠳᠠᠭᠠᠨ ᠬᠥᠷᠳᠡᠭ᠃ ᠣᠳᠣ ᠴᠠᠷᠳᠠᠮᠠᠯ ᠵᠠᠮ ᠨᠠᠪᠳᠡᠷᠠᠨ᠂ ᠪᠠᠭ᠋ ᠎ᠠ ᠮᠠᠰᠢᠨ ᠲᠡᠷᠭᠡ ᠲᠠᠢ ᠪᠤᠯᠤᠬᠰᠠᠨ ᠪᠤᠯᠬᠤᠷ ᠰᠠᠯᠬᠢ ᠰᠠᠯᠬᠢᠯᠠᠵᠤ ᠪᠣᠷᠣᠭᠠᠨ ᠣᠷᠣᠬᠤ ᠠᠴᠠ ᠴᠤ ᠠᠶᠤᠬᠤ ᠦᠬᠡᠢ ᠪᠣᠯᠣᠭᠰᠠᠠ ᠪᠠᠶᠢᠨ᠎ᠠ᠃ ᠬᠤᠪᠢᠷᠠᠯᠲᠠ ᠦᠨᠡᠬᠡᠷ ᠶᠡᠭᠡ︕ ᠬᠡᠵᠦ ᠦᠦᠰᠢᠨ ᠬᠤᠰᠢᠭᠤᠨ ᠤ ᠰᠦᠯᠳᠡ ᠰᠤᠮᠤ ᠶᠢᠨ ᠲᠤᠭᠤᠷᠢᠮ ᠭᠠᠴᠠᠭᠠᠨ ᠤ ᠡᠮᠡᠭᠲᠡᠶᠢᠴᠦᠳ ᠤᠨ ᠬᠤᠯᠪᠣᠭ᠎ᠠ ᠶᠢᠨ ︽ᠳᠤᠯᠠᠭᠠᠨ ᠪᠦᠰᠡᠬᠦᠢ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠠᠷᠢᠭᠤᠴᠠᠯᠭᠠᠳᠠᠠ ᠰᠡᠴᠡᠨᠲᠤᠶᠠᠭ᠎ᠠ ᠬᠡᠯᠡᠨ᠎ᠠ᠃     ︽ᠳᠤᠯᠠᠭᠠᠨ ᠪᠦᠰᠡᠬᠦᠢ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠪᠣᠯ ᠰᠦᠯᠳᠡ ᠰᠤᠮᠤ ᠶᠢᠨ ︽ᠳᠤᠯᠠᠭᠠᠨ ᠠᠶᠢᠯ︾ ᠬᠡᠬᠦ ᠦᠢᠯᠡᠴᠢᠯᠡᠬᠡᠨ ᠤ ᠭᠠᠵᠠᠷ ᠤᠨ ᠵᠢᠷᠭᠤᠭᠠᠨ ᠰᠠᠯᠪᠤᠷᠢ ᠰᠠᠶᠢᠨ ᠳᠤᠷ᠎ᠠ ᠶᠢᠨ ᠦᠢᠯᠡᠴᠢᠯᠡᠭᠡ ᠶᠢᠨ ᠲᠤᠳᠤᠷᠠᠬᠢ ᠭᠤᠤᠯᠳᠠᠭᠤ ᠡᠮᠡᠭᠳᠡᠶᠢᠴᠤᠳ ᠢᠶᠠᠷ ᠪᠦᠷᠢᠯᠳᠦᠭᠰᠡᠨ ᠠᠩᠬᠢ ᠪᠤᠯᠤᠨ᠎ᠠ᠃ ᠲᠤᠰ ᠦᠢᠯᠡᠴᠢᠯᠡᠬᠡᠨ ᠤ ᠠᠩᠬᠢ ᠨᠢ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠮᠡᠭᠲᠡᠶᠢᠴᠦᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠵᠡᠷᠭᠡ ᠰᠠᠶᠢᠨ ᠳᠤᠷ᠎ᠠ ᠶᠢᠨ ᠦᠢᠯᠡᠴᠢᠡᠯᠭᠡᠨ ᠤ ᠠᠵᠢᠯᠯᠠᠭ᠎ᠠ ᠶᠢ ᠶᠠᠪᠤᠬᠳᠠᠭᠤᠯᠳᠠᠭ᠃     ᠲᠦᠷᠦᠬᠦᠬᠡᠨ ︽ᠲᠤᠯᠠᠭᠠᠨ ᠪᠦᠰᠡᠬᠦᠢ︾ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠶᠠᠷᠢᠯᠴᠠᠬᠤ ᠬᠤᠷᠠᠯ ᠬᠢᠵᠦ ᠠᠩᠭᠢ ᠶᠢᠨ ᠬᠡᠰᠢᠬᠦᠳ ᠡᠬᠡ ᠤᠯᠤᠰ ᠤᠨ ᠢᠶᠠᠨ ᠬᠦᠭᠵᠢᠯᠳᠡ ᠬᠤᠪᠢᠷᠠᠯᠲᠠ ᠶᠢᠨ ᠲᠤᠬᠠᠢ ᠶᠠᠷᠢᠯᠴᠠᠬᠰᠠᠠ ᠪᠠᠶᠢᠨ᠎ᠠ᠃ ︽ᠬᠤᠪᠢᠷᠠᠯᠲᠠ ᠶᠢ ᠬᠡᠯᠡᠵᠦ᠂ ᠳᠦᠷᠢᠮ ᠢ ᠰᠠᠶᠢᠰᠢᠶᠠᠬᠤ︾ ᠬᠤᠶᠠᠷ ᠲᠠᠯ᠎ᠠ ᠠᠴᠠ ᠡᠭᠦᠰᠦᠨ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠥᠪᠡᠷ ᠤᠨ ᠪᠡᠶ᠎ᠡ ᠪᠠ ᠭᠡᠷ ᠤᠨ ᠬᠥᠮᠦᠰ᠂ ᠭᠡᠷ ᠤᠨ ᠶᠠᠪᠤᠳᠠᠯ ᠠᠴᠠ ᠪᠠᠨ ᠭᠠᠷᠳᠠᠵᠤ ᠭᠡᠷ ᠪᠦᠯᠢ ᠶᠢᠨ ᠪᠦᠷᠢᠯᠳᠦᠬᠦᠨ ᠪᠠ ᠭᠡᠷ ᠪᠦᠯᠢ ᠶᠢᠨ ᠠᠮᠢᠳᠤᠷᠠᠯ ᠤᠨ ᠬᠤᠪᠢᠷᠠᠯᠲᠠ ᠶᠢᠨ ᠲᠤᠬᠠᠢ ᠶᠠᠷᠢᠯᠴᠠᠵᠤ᠂ ᠣᠯᠤᠯᠲᠠ ᠳᠦᠷᠦᠭᠳᠡᠯ᠂ ᠬᠦᠰᠡᠯ ᠵᠡᠭᠦᠳᠦ ᠵᠢᠴᠢ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠶᠠᠷᠢᠯᠴᠠᠪᠠ᠃     ᠡᠨᠡ ᠵᠢᠯ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠡᠬᠢᠯᠡᠭᠰᠡᠨ ᠠᠴᠠ ᠨᠠᠭᠠᠰᠢ ︽ᠳᠤᠯᠠᠭᠠᠨ ᠪᠦᠰᠡᠭᠦᠶ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠳᠡᠭᠡᠳᠦ ᠱᠠᠲᠤᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠣᠭᠤᠰᠢᠯᠠᠭᠤᠯᠣᠠ ᠨᠠᠶᠢᠳᠠᠪᠤᠷᠢᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ᠡᠮᠡᠭᠲᠡᠶᠢᠴᠦᠳ ᠤᠨ ᠥᠪᠡᠷᠮᠢᠴᠡ ᠦᠢᠯᠡᠳᠤᠯ ᠢ ᠬᠦᠢᠴᠡᠳ ᠪᠠᠳᠠᠷᠠᠭᠤᠯᠣᠭᠰᠠᠠ ᠪᠠᠶᠢᠨ᠎ᠠ᠃ ᠲᠦᠮᠡᠨ ᠤ ᠵᠣᠷᠢᠭ ᠢ ᠬᠥᠪᠴᠢᠯᠡᠨ ᠬᠦᠴᠢᠷ ᠢ ᠬᠠᠮᠲᠤ ᠪᠠᠷ ᠲᠤᠭᠤᠯᠵᠤ᠂ ᠤᠬᠠᠭᠤᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠣᠠ ᠰᠠᠶᠢᠨ ᠳᠤᠷ᠎ᠠ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠵᠥ ᠬᠢᠵᠢᠭ ᠢ ᠰᠡᠷᠭᠡᠶᠢᠯᠡᠨ ᠡᠵᠡᠮᠳᠡᠬᠦ ︽ᠤᠳᠤᠭ᠎ᠠ ᠦᠬᠡᠢ ᠲᠠᠶᠢᠨ︾᠎ ᠤ ᠢᠯᠠᠯᠲᠠ ᠶᠢ ᠤᠯᠬᠤ ᠳᠤ ᠬᠥᠴᠥᠷᠭᠡᠭ ᠶᠡᠭᠡ ᠢᠳᠡᠪᠬᠢ ᠦᠢᠯᠡᠳᠦᠯ ᠦᠵᠡᠬᠦᠯᠦᠭᠰᠡᠨ ᠶᠤᠮ᠃ ᠡᠭᠦᠨ ᠠᠴᠠ ᠭᠠᠳᠠᠨ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠳᠤ ᠦᠪᠡᠷ ᠤᠨ ᠢᠶᠠᠨ ᠬᠦᠴᠦᠨ ᠵᠢᠳᠬᠦᠯ ᠢᠶᠠᠨ ᠡᠷᠬᠦᠭᠰᠡᠬᠡᠷ ᠢᠷᠡᠵᠡᠢ᠃     ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠠᠴᠠ ︽ᠬᠤᠪᠢᠷᠠᠯᠲᠠ ᠶᠢ ᠬᠡᠯᠡᠵᠦ᠂ ᠳᠦᠷᠢᠮ ᠢ ᠰᠠᠶᠢᠰᠢᠶᠠᠬᠤ︾ ᠡᠮᠡᠭᠲᠡᠶᠢᠴᠦᠳ ᠤᠨ ᠶᠠᠷᠢᠯᠴᠠᠬᠤ ᠬᠤᠷᠠᠯ ᠢ ᠦᠷᠭᠦᠯᠵᠢᠯᠡᠨ ᠥᠷᠨᠢᠭᠦᠯᠵᠦ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ᠂ ᠭᠡᠷ ᠤᠨ ᠰᠤᠷᠭᠠᠯ ᠢ ᠤᠬᠠᠭᠤᠯᠤᠨ᠂ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ᠂ ᠭᠤᠶᠢᠪᠢᠰᠢ ᠦᠭᠡᠢ ᠪᠠᠷ ᠨᠠᠮ ᠤᠨ ᠲᠠᠭᠤᠨ ᠬᠤᠭᠤᠯᠠᠢ ᠪᠤᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠡᠩ ᠰᠠᠶᠢᠳᠤᠷ ᠬᠢᠵᠤ᠂ ᠭᠠᠴᠠᠭ᠎ᠠ ᠲᠣᠰᠬᠤᠨ ᠤ ᠬᠦᠷᠢᠶ᠎ᠡ ᠬᠠᠰᠢᠶ᠎ᠠ ᠭᠤᠶᠤ ᠬᠡᠭᠡᠨᠴᠢᠷ ᠪᠥᠭᠡᠳ ᠡᠮᠬᠢ ᠴᠡᠭᠴᠡ ᠲᠠᠢ᠂ ᠴᠡᠪᠡᠷ ᠲᠡᠭᠰᠢ ᠪᠠᠶᠢᠬᠤ ᠵᠡᠷᠬᠡ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠤᠨ᠎ᠡ ᠭᠡᠰᠡᠨ ᠪᠠᠶᠢᠨ᠎ᠠ᠃  
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号