ᠰᠢ ᠶᠢᠨ ᠫᠢᠩ ᠬᠠᠷᠢᠭᠤ ᠵᠠᠬᠢᠳᠠᠯ ᠢᠯᠡᠬᠡᠵᠤ ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠢ ᠵᠤᠷᠢᠭᠵᠢᠭᠤᠯᠤᠭᠰᠠᠨ ᠨᠢ ᠵᠢᠭᠠᠬᠤ ᠪᠠ ᠰᠤᠷᠬᠤ ᠶᠢ ᠵᠡᠷᠬᠡ ᠪᠠᠷ ᠳᠡᠭᠡᠭᠰᠢᠯᠡᠭᠦᠯᠬᠦ ᠳᠤᠮᠳᠠ ᠤᠷᠠᠯᠢᠭ ᠤᠨ ᠦᠨᠡᠨ ᠶᠣᠰᠣ ᠶᠢ ᠡᠷᠢᠯᠬᠢᠯᠡᠵᠦ ᠠᠷᠠᠳ ᠲᠦᠮᠡᠨ ᠳᠤ ᠦᠢᠯᠡᠴᠢᠯᠡᠬᠦ ᠳᠤᠮᠳᠠ ᠤᠷᠠᠯᠢᠭ ᠤᠨ ᠠᠵᠢᠯ ᠬᠢᠬᠦ ᠤᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠳᠤᠭᠠᠢ
ᠨᠡᠶᠢᠲᠡᠯᠡᠭᠰᠡᠨ ᠴᠠᠭ᠄
2020/10/27
   ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 25᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 10 ᠰᠠᠷ᠎ᠠ ᠶᠢᠨ 23᠎ ᠤ ᠡᠳᠦᠷ ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠲᠤ ᠬᠠᠷᠢᠭᠤ ᠵᠠᠬᠢᠳᠠᠯ ᠢᠯᠡᠭᠡᠵᠤ᠂ ᠲᠡᠳᠡᠨ ᠤ ᠰᠢ ᠵᠦᠴᠦᠭᠡ ᠶᠢᠨ ᠤᠷᠠᠯᠢᠭ ᠢ ᠰᠠᠶᠢᠳᠤᠷ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠳᠤ ᠴᠢᠩ ᠰᠡᠳᠬᠢᠯ ᠤᠨ ᠬᠦᠰᠡᠯ ᠡᠷᠡᠮᠡᠯᠵᠡᠯ ᠲᠠᠯᠪᠢᠵᠠᠢ᠃    ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠᠨ ᠤ ᠠᠬᠠᠮᠠᠳ ᠢᠳᠡᠷᠴᠤᠳ ᠵᠠᠯᠠᠭᠤᠴᠤᠳ ᠪᠠᠭᠠᠴᠤᠳ ᠳᠥᠷᠪᠡᠨ ᠦᠶ᠎ᠡ ᠶᠢᠨ ᠪᠠᠭᠰᠢ ᠰᠤᠷᠤᠭᠴᠢᠳ ᠤᠨ ᠢᠷᠡᠭᠦᠯᠦᠭᠰᠡᠨ ᠵᠠᠬᠢᠳᠠᠯ ᠨᠢ ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠭᠡᠳ ᠣᠯᠤᠭᠰᠠᠨ ᠪᠠᠶᠠᠷᠯᠠᠭᠤᠰᠢᠲᠠᠶ ᠠᠮᠵᠢᠯᠳᠠ ᠪᠦᠲᠦᠭᠡᠯ ᠢ ᠲᠤᠰᠬᠠᠪᠠ᠂ ᠰᠢ ᠵᠦᠴᠦᠭᠡ ᠶᠢᠨ ᠤᠷᠠᠯᠢᠭ ᠦᠶ᠎ᠡ ᠤᠯᠠᠷᠢᠨ ᠤᠯᠠᠮᠵᠢᠯᠠᠭᠳᠠᠵᠤ ᠪᠠᠶᠢᠬᠤ ᠳᠤ ᠪᠢ ᠮᠠᠰᠢ ᠪᠠᠶᠠᠷᠯᠠᠵᠤ ᠪᠠᠶᠢᠨ᠎ᠠ᠂ ᠲᠠ ᠨᠠᠷ ᠵᠢᠴᠢ ᠪᠦᠬᠦ ᠰᠤᠷᠭᠠᠭᠤᠯᠢ ᠶᠢᠨ ᠪᠠᠭᠰᠢ ᠰᠤᠷᠤᠭᠴᠢ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠤ ᠬᠡᠯᠡᠪᠠ᠃    ᠰᠢ ᠶᠢᠨ ᠫᠢᠩ᠂ ᠰᠢ ᠵᠦᠴᠦᠭᠡ ᠪᠣᠯ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠮᠥᠨ᠂ ᠰᠢ ᠵᠦᠴᠦᠭᠡ ᠶᠢᠨ ᠦᠢᠯᠡᠰ ᠢ ᠬᠥᠭᠵᠢᠭᠦᠯᠬᠦ ᠶᠢᠨ ᠵᠠᠩᠭᠢᠯᠠᠭ᠎ᠠ ᠨᠢ ᠬᠥᠮᠦᠨ ᠳᠤ ᠪᠠᠶᠢᠨ᠎ᠠ᠃ ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠶᠢᠨ ᠬᠢᠨ ᠰᠤᠷᠭᠠᠭᠤᠯᠢ ᠪᠠᠶᠢᠭᠤᠯᠤᠭᠳᠠᠭᠰᠠᠨ 70 ᠵᠢᠯ ᠤᠨ ᠣᠶ ᠪᠠᠷ ᠰᠢᠨ᠎ᠠ ᠭᠠᠷᠤᠭ᠎ᠠ ᠪᠠᠨ ᠪᠣᠯᠭᠠᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠳᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠥᠷᠭᠡᠨ ᠣᠯᠠᠨ ᠪᠠᠭᠰᠢ ᠰᠤᠷᠤᠭᠴᠢ ᠶᠢᠨ ᠰᠣᠶᠣᠯ ᠤᠨ ᠢᠲᠡᠭᠡᠯ ᠢ ᠪᠠᠲᠤᠳᠬᠠᠨ᠂ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢ ᠬᠥᠲᠥᠯᠥᠨ ᠵᠢᠯᠣᠭᠤᠳᠴᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ᠂ ᠵᠢᠭᠠᠬᠤ ᠪᠠ ᠰᠤᠷᠬᠤ ᠶᠢ ᠵᠡᠷᠭᠡ ᠪᠠᠷ ᠳᠡᠭᠡᠭᠰᠢᠯᠡᠭᠦᠯᠬᠦ ᠳᠤᠮᠳᠠ ᠤᠷᠠᠯᠢᠭ ᠤᠨ ᠦᠨᠡᠨ ᠶᠣᠰᠣ ᠶᠢ ᠡᠷᠢᠯᠬᠢᠯᠡᠵᠤ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠤᠷᠠᠯᠢᠭ ᠤᠨ ᠠᠵᠢᠯ ᠬᠢᠬᠦ ᠤᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠤ ᠴᠢᠬᠤᠯᠠᠴᠢᠯᠠᠪᠠ᠃    ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠶᠢ ᠤᠤᠯ ᠳᠠᠭᠠᠨ ᠰᠣᠶᠣᠯ ᠤᠨ ᠶᠠᠮᠤᠨ ᠤ ᠰᠢ ᠵᠦᠴᠦᠭᠡ ᠶᠢ ᠥᠭᠡᠷᠡᠴᠢᠯᠡᠨ ᠰᠠᠶᠢᠵᠢᠷᠠᠭᠤᠯᠬᠤ ᠲᠣᠪᠴᠢᠶᠠᠨ ᠤ ᠰᠢ ᠵᠦᠴᠦᠭᠡ ᠶᠢᠨ ᠲᠤᠷᠰᠢᠯᠲᠠ ᠶᠢᠨ ᠰᠤᠷᠭᠠᠭᠤᠯᠢ ᠭᠡᠵᠦ ᠪᠠᠶᠢᠵᠠᠢ᠂ 1950 ᠤᠨ ᠳᠤ ᠪᠠᠶᠢᠭᠤᠯᠤᠭᠳᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠤᠯᠤᠰ ᠠᠴᠠ ᠡᠷᠭᠢᠯᠡᠭᠰᠡᠨ ᠠᠩᠬᠠᠳᠠᠭᠴᠢ ᠰᠢ ᠵᠦᠴᠦᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠨ᠎ᠠ᠃ ᠣᠶᠢᠷ᠎ᠠ ᠳᠤ ᠳᠤᠮᠳᠠᠳᠤ ᠤᠯᠤᠰ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠶᠢᠨ ᠨᠢᠭᠡ ᠪᠦᠯᠦᠭ ᠪᠠᠭᠰᠢ ᠰᠤᠷᠤᠭᠴᠢ ᠶᠢᠨ ᠲᠥᠯᠥᠭᠡᠯᠡᠭᠴᠢᠳ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠤ᠂ ᠳᠡᠭᠡᠳᠦ ᠰᠤᠷᠭᠠᠭᠤᠯᠢ ᠶᠢᠨ ᠢᠶᠠᠨ 70 ᠵᠢᠯ ᠤᠨ ᠲᠤᠷᠰᠢᠬᠢ ᠬᠥᠭᠵᠢᠯᠲᠡ ᠶᠢᠨ ᠪᠠᠶᠢᠳᠠᠯ ᠢ ᠬᠠᠷᠢᠭᠤ ᠮᠡᠳᠡᠭᠦᠯᠵᠤ᠂ ᠰᠢ ᠵᠦᠴᠦᠭᠡ ᠶᠢᠨ ᠦᠢᠯᠡᠰ ᠢ ᠴᠡᠴᠡᠭᠯᠡᠭᠦᠯᠦᠨ ᠬᠦᠭᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠠᠮᠲᠤ ᠶᠢᠨ ᠬᠦᠰᠡᠯ ᠢᠶᠠᠨ ᠢᠯᠡᠳᠬᠡᠭᠰᠡᠨ ᠪᠠᠶᠢᠨ᠎ᠠ᠃    
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号