ᠬᠤᠷᠢᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠶᠠᠩ ᠯᠢᠩ ᠤᠨ ᠲᠠᠷᠢᠶᠠᠯᠠᠩ ᠤᠨ ᠳᠡᠭᠡᠳᠦ | ᠰᠢᠨ᠎ᠡ ᠲᠧᠭᠨᠢᠭ ᠮᠡᠷᠭᠡᠵᠢᠯ ᠤᠨ ᠪᠦᠲᠦᠭᠡᠯ ᠤᠨ ᠳᠡᠯᠭᠡᠨ ᠦᠵᠡᠭᠦᠯᠭᠡ 10 ᠰᠠᠷ᠎ᠠ ᠶᠢᠨ 22 ᠠᠴᠠ 26 ᠪᠣᠯᠲᠠᠯ᠎ᠠ | ᠱᠠᠨᠰᠢ ᠮᠤᠵᠢ ᠶᠢᠨ ᠶᠠᠩ ᠯᠢᠩ ᠬᠤᠲᠠ ᠳᠤ ᠶᠠᠪᠤᠭᠳᠠᠵᠤ ᠮᠠᠨ ᠤ ᠬᠤᠰᠢᠭᠤᠨ ᠤ ᠰᠢᠨᠵᠢᠯᠡᠭᠡ ᠮᠡᠷᠭᠡᠵᠢᠯ ᠤᠨ ᠣᠨᠴᠠ | ᠲᠣᠮᠢᠯᠠᠭᠴᠢᠳ ᠣᠷᠣᠯᠴᠠᠯ᠎ᠠ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ | ᠶᠠᠮᠤᠨ᠂ ᠱᠠᠨᠰᠢ ᠮᠤᠵᠢ ᠶᠢᠨ ᠵᠠᠰᠠᠭ ᠤᠨ ᠣᠷᠳᠣᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ | ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠢ ᠠᠴᠠ ᠡᠷᠬᠢᠯᠡᠨ ᠶᠠᠪᠤᠭᠳᠠᠭᠤᠯᠤᠭᠰᠠᠨ ᠲᠤᠰ ᠤᠳᠠᠭᠠᠨ ᠤ ᠳᠡᠯᠭᠡᠨ | ᠦᠵᠡᠭᠦᠯᠭᠡ ᠨᠢ 6 ᠦᠵᠡᠭᠦᠯᠭᠡ ᠶᠢᠨ ᠣᠷᠳᠣᠨ᠂ ᠦᠵᠡᠭᠦᠯᠭᠡ ᠶᠢᠨ ᠲᠣᠭᠤᠷᠢᠭ ᠲᠠᠢ ᠪᠠᠶᠢᠵᠤ ᠣᠶᠤᠨᠴᠢ | ᠲᠠᠷᠢᠶᠠᠯᠠᠩ ᠤᠨ ᠮᠡᠷᠭᠡᠵᠢᠯ᠂ ᠮᠠᠯ ᠲᠠᠷᠢᠶᠠᠯᠠᠩ ᠤᠨ ᠮᠠᠰᠢᠨ ᠮᠧᠬᠠᠨᠢᠭ᠂ ᠦᠨᠳᠦᠷ ᠬᠤᠷᠢᠶᠠᠯᠲᠠᠲᠤ ᠡᠷᠯᠢᠰᠵᠢᠭᠦᠯᠦᠭᠰᠡᠨ | ᠲᠠᠷᠢᠶᠠᠯᠠᠩ ᠤᠨ ᠪᠦᠲᠦᠭᠡᠭᠳᠡᠬᠦᠨ ᠵᠡᠷᠭᠡ 2000 ᠭᠠᠷᠤᠢ ᠪᠦᠲᠦᠭᠡᠯ ᠢ ᠳᠡᠯᠭᠡᠨ ᠦᠵᠡᠭᠦᠯᠦᠭᠰᠡᠨ ᠪᠠᠶᠢᠨ᠎ᠠ᠃ ᠮᠠᠨ ᠤ | ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶᠠᠨ ᠤ ᠬᠢᠨ ᠪᠦᠬᠦ ᠬᠤᠰᠢᠭᠤᠨ ᠤ 45 ᠨᠡᠷᠡᠰ ᠰᠢᠨᠵᠢᠯᠡᠭᠡ ᠮᠡᠷᠭᠡᠵᠢᠯ ᠤᠨ ᠲᠣᠮᠢᠯᠠᠭᠴᠢ ᠶᠢ ᠵᠣᠬᠢᠶᠠᠨ | ᠪᠠᠶᠢᠭᠤᠯᠤᠨ ᠲᠤᠰ ᠤᠳᠠᠭᠠᠨ ᠤ ᠳᠡᠯᠭᠡᠨ ᠦᠵᠡᠭᠦᠯᠭᠡ ᠳᠤ ᠣᠷᠣᠯᠴᠠᠭᠤᠯᠵᠤ ᠲᠡᠳᠡᠨ ᠤ ᠮᠠᠯ ᠲᠠᠷᠢᠶᠠᠯᠠᠩ ᠤᠨ | ᠦᠢᠯᠡᠰ ᠤᠨ ᠳᠡᠭᠡᠳᠦ ᠰᠢᠨ᠎ᠡ ᠮᠡᠷᠭᠡᠵᠢᠯ ᠤᠨ ᠲᠤᠬᠠᠢ ᠣᠶᠢᠯᠠᠭᠠᠯᠲᠠ ᠲᠠᠨᠢᠯᠲᠠ ᠶᠢ ᠳᠡᠭᠡᠭᠰᠢᠯᠡᠭᠦᠯᠦᠭᠰᠡᠨ ᠰᠠᠭᠤᠷᠢᠨ | ᠳᠡᠭᠡᠷ᠎ᠡ ᠪᠦᠬᠦ ᠬᠤᠰᠢᠭᠤᠨ ᠤ ᠮᠠᠯᠴᠢᠨ ᠲᠠᠷᠢᠶᠠᠴᠢᠨ ᠢ ᠳᠠᠶᠢᠴᠢᠯᠠᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ | ᠠᠮᠢᠳᠤᠷᠠᠯ ᠦᠢᠯᠡᠳᠪᠦᠷᠢᠯᠡᠯ ᠳᠤ ᠪᠠᠨ ᠦᠢᠯᠡᠴᠢᠯᠡᠭᠦᠯᠵᠦ ᠣᠳᠣᠬᠢᠴᠢᠯᠠᠭᠰᠠᠨ ᠮᠠᠯ ᠲᠠᠷᠢᠶᠠᠯᠠᠩ ᠢ ᠡᠷᠬᠢᠯᠡᠨ | ᠣᠷᠣᠯᠭ᠎ᠠ ᠪᠠᠨ ᠨᠡᠮᠡᠭᠳᠡᠭᠦᠯᠵᠦ ᠪᠠᠶᠠᠵᠢᠯ ᠤᠨ ᠵᠠᠮ ᠢᠶᠠᠷ ᠵᠠᠮᠨᠠᠬᠤ ᠶᠢ ᠵᠣᠷᠢᠭᠰᠠᠨ ᠪᠠᠶᠢᠨ᠎ᠠ᠃ | |