ᠬᠤᠰᠢᠭᠤ ᠰᠤᠶᠤᠯ ᠪᠠ ᠵᠢᠭᠤᠯᠴᠢᠯᠠᠯ ᠤᠨ ᠲᠤᠪᠴᠢᠶᠠᠨ ᠤ ︽ᠠᠷᠪᠠᠨ ᠲᠦᠷᠪᠠᠳᠤᠭᠡᠷ ᠲᠠᠪᠤᠨ ᠵᠢᠯ︾ ᠤᠨ ᠲᠦᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠤᠨ ᠨᠡᠶᠢᠭᠡᠮ ᠨᠠᠶᠢᠳᠡ ᠠᠴᠠ ᠰᠠᠨᠠᠯ ᠬᠤᠷᠢᠶᠠᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/27
     ᠤᠶᠢᠷ᠎ᠠ ᠶᠢᠨ ᠡᠳᠤᠷ᠂ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠮᠠᠨ ᠤ ᠬᠤᠰᠢᠭᠤ ᠶᠢ ᠪᠥᠭᠦ ᠬᠤᠳᠠ ᠶᠢᠨ ᠰᠤᠶᠤᠯ ᠵᠢᠭᠤᠯᠴᠢᠯᠠᠯ  ᠤᠨ ᠤᠷᠤᠨ ᠪᠤᠯᠭᠠᠬᠤ ᠶᠢ ᠠᠭᠢᠭᠤᠯᠬᠤ ᠶᠢᠨ ᠲᠥᠯᠥᠭᠡ ᠬᠤᠰᠢᠭᠤ ᠰᠤᠶᠤᠯ ᠪᠠ ᠵᠢᠭᠤᠯᠴᠢᠯᠠᠯ ᠤᠨ ᠲᠤᠪᠴᠢᠶ᠎ᠠ ︽ᠠᠷᠪᠠᠨ ᠲᠦᠷᠪᠠᠳᠤᠭᠡᠷ ᠲᠠᠪᠤᠨ ᠵᠢᠯ︾ ᠤᠨ ᠲᠦᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠨᠡᠶᠢᠭᠡᠮ ᠨᠠᠶᠢᠳᠡ  ᠠᠴᠠ ᠰᠠᠨᠠᠯ ᠬᠤᠷᠢᠶᠠᠬᠤ ᠰᠠᠭᠤᠳᠠᠯ ᠤᠨ ᠬᠤᠷᠠᠯ ᠢ ᠬᠤᠷᠠᠯᠳᠤᠭᠤᠯᠤᠭᠰᠠᠨ ᠪᠠᠶᠢᠨ᠎ᠠ᠃ ᠬᠤᠰᠢᠭᠤ ᠰᠤᠶᠤᠯ ᠪᠠ ᠵᠢᠭᠤᠯᠴᠢᠯᠠᠯ ᠤᠨ ᠲᠤᠪᠴᠢᠶᠠᠨ ᠤ ᠬᠠᠷᠢᠭᠤᠴᠠᠯᠭᠠᠳᠠᠳ ᠵᠢᠴᠢ ᠨᠡᠶᠢᠭᠡᠮ ᠤᠨ ᠡᠷᠳᠡᠮᠲᠡᠨ ᠮᠠᠷᠭᠡᠳ 30 ᠭᠠᠷᠤᠶ ᠬᠥᠮᠦᠨ ᠰᠠᠭᠤᠳᠠᠯ ᠤᠨ ᠬᠤᠷᠠᠯ ᠳᠤ ᠤᠷᠤᠯᠴᠠᠭᠰᠠᠨ ᠪᠠᠶᠢᠨ᠎ᠠ᠃
     ᠬᠤᠷᠠᠯ ᠲᠡᠭᠡᠷ᠎ᠡ᠂ ᠤᠯᠠᠨ ᠲᠠᠶᠠᠭᠠᠷ ᠠᠴᠠ ᠰᠤᠶᠤᠯ ᠪᠠ ᠵᠢᠭᠤᠯᠴᠢᠯᠠᠯ ᠤᠨ ᠲᠤᠪᠴᠢᠶᠠᠨ ᠠᠴᠠ ᠲᠤᠭᠳᠠᠭᠠᠭᠰᠠᠨ ᠲᠠᠪᠤᠨ ᠵᠢᠯ ᠤᠨ ᠲᠤᠷᠰᠢᠭᠢ ᠬᠢᠭᠦ ᠴᠢᠬᠤᠯᠠᠳᠠᠢ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠭᠲᠠᠭᠠᠬᠤ ᠠᠵᠢᠯ ᠤᠨ ᠲᠤᠭᠤᠷᠢᠨ ᠳᠤ ᠪᠣᠳᠠᠲᠤ ᠪᠡᠶᠢᠳᠠᠯ ᠲᠠᠢ ᠪᠠᠨ ᠤᠶᠠᠯᠳᠤᠭᠤᠯᠤᠨ ᠦᠤᠰᠢᠨ ᠢᠳᠡᠭᠡᠨ ᠤᠮᠳᠠᠭᠠᠨ ᠤ ᠰᠤᠶᠤᠯ᠂ ᠤᠯᠠᠮᠵᠢᠯᠠᠯᠳᠤ ᠨᠤᠮ ᠰᠤᠳᠤᠷ ᠭᠡᠪᠯᠡᠭᠦᠯᠭᠦ᠂ ᠬᠠᠳᠤᠨ ᠭᠤᠣᠯ ᠤᠨ ᠰᠠᠪᠠ ᠭᠠᠵᠠᠷ ᠤᠨ ᠰᠣᠶᠣᠯ ᠢ ᠪᠠᠳᠠᠷᠠᠭᠤᠯᠬᠤ᠂ ᠦᠤᠰᠢᠨ ᠠᠳᠤᠭᠤᠨ ᠦᠢᠯᠡᠰ ᠢ ᠭᠦᠭᠵᠢᠭᠦᠯᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠪᠠᠷ ᠴᠢᠯᠥᠭᠡᠳᠠᠢ ᠶᠠᠷᠢᠯᠴᠠᠭᠰᠠᠨ ᠤ ᠬᠠᠮᠳᠤ ᠦᠪᠡᠷ ᠦᠪᠡᠷ ᠤᠨ ᠰᠠᠨᠠᠯ ᠰᠠᠨᠠᠭᠤᠯᠭ᠎ᠠ ᠪᠠᠨ ᠲᠠᠪᠰᠢᠭᠦᠯᠦᠭᠰᠡᠨ ᠪᠠᠶᠢᠨ᠎ᠠ᠃
   
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号