10 ᠰᠠᠷ᠎ᠠ ᠶᠢᠨ 24 ᠤ ᠡᠳᠦᠷ᠂ ︽ᠳᠤᠭ ᠠᠵᠤ ᠦᠢᠯᠡᠳᠪᠦᠷᠢ ᠶᠢᠨ ᠲᠦᠷᠦᠯ ᠵᠦᠢᠯ ᠤᠨ ᠲᠣᠭᠤᠷᠢᠭ ᠤᠨ | ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠠᠵᠤ | ᠦᠢᠯᠡᠰ ᠤᠨ ᠲᠥᠯᠥᠪᠵᠢᠭᠦᠯᠭᠡ︾ ᠶᠢᠨ ᠲᠤᠰᠬᠠᠢ ᠮᠡᠷᠭᠡᠵᠢᠯᠲᠡᠨ ᠤ ᠥᠨᠠᠯᠠᠨ ᠭᠢᠨᠠᠬᠤ ᠬᠤᠷᠠᠯ ᠬᠤᠰᠢᠭᠤ ᠵᠠᠰᠠᠭ | ᠵᠠᠬᠢᠷᠭᠠᠨ ᠤ ᠦᠢᠯᠡᠴᠢᠯᠡᠭᠡᠨ ᠤ ᠲᠥᠪ ᠲᠤ ᠬᠤᠷᠠᠯᠳᠤᠪᠠ᠃ ᠥᠨᠠᠯᠠᠨ ᠭᠢᠨᠠᠬᠤ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠪᠦᠷᠢᠯᠳᠦᠭᠦᠨ ᠪᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ | ᠳᠠᠷᠤᠭ᠎ᠠ ᠯᠢ ᠵᠥᠩ ᠯᠢᠨ᠂ ᠨᠠᠷᠢᠠᠭᠤᠤᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠤᠪᠤᠷᠭ᠎ᠠ ᠠᠵᠤ | ᠠᠬᠤᠢ ᠶᠢᠨ ᠨᠡᠭᠡᠭᠡᠯᠲᠡ ᠶᠢᠨ ᠲᠤᠭᠤᠷᠢᠭ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠢ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | | | | | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠲᠥᠯᠥᠪᠵᠢᠭᠦᠯᠭᠡ︾ ᠶᠢ ᠨᠠᠶᠢᠷᠠᠭᠤᠯᠤᠨ ᠲᠤᠭᠲᠠᠭᠠᠭᠰᠠᠨ | ᠦᠨᠳᠦᠰᠦᠯᠡᠯ ᠨᠢ ᠪᠦᠷᠢᠨ ᠭᠦᠢᠴᠡᠳ᠂ ᠰᠡᠳᠬᠢᠮᠵᠢ ᠨᠢ ᠲᠣᠳᠣᠷᠬᠠᠶ᠂ ᠪᠠᠶᠢᠷᠢ ᠲᠣᠭᠲᠠᠭᠠᠯᠲᠠ ᠨᠢ ᠨᠡᠯᠢᠶᠡᠳ | ᠣᠨᠣᠪᠴᠢᠲᠠᠶ ᠮᠥᠷᠲᠡᠭᠡᠨ ᠠᠭᠤᠯᠭ᠎ᠠ ᠨᠢ ᠦᠨᠳᠦᠰᠦᠨ ᠳᠡᠭᠡᠨ ᠪᠦᠷᠢᠨ ᠪᠦᠲᠦᠨ ᠪᠠᠶᠢᠵᠤ ᠲᠥᠪ᠂ ᠥᠪᠡᠷᠲᠡᠭᠡᠨ | ᠵᠠᠰᠠᠬᠤ ᠣᠷᠣᠨ ᠪᠠ ᠬᠤᠲᠠ ᠶᠢᠨ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠢᠴᠢ ᠬᠠᠮᠢᠶ᠎ᠠ | ᠪᠦᠬᠦᠢ ᠨᠠᠶᠢᠷᠠᠭᠤᠯᠤᠨ ᠲᠤᠭᠲᠠᠭᠠᠬᠤ ᠱᠠᠭᠠᠷᠳᠠᠯᠭ᠎ᠠ ᠳᠤ ᠨᠡᠶᠢᠴᠡᠵᠦ ᠮᠠᠨ ᠤ ᠬᠤᠰᠢᠭᠤᠨ ᠤ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠ ᠴᠢᠨᠠᠷ ᠰᠠᠶᠢᠲᠠᠶ ᠭᠥᠭᠵᠢᠯᠳᠠ ᠳᠤ | ᠴᠢᠬᠤᠯᠠ ᠵᠢᠯᠣᠭᠤᠳᠬᠤ ᠦᠢᠯᠡᠳᠦᠯ ᠲᠠᠢ᠃ ︽ᠲᠥᠯᠥᠪᠵᠢᠭᠦᠯᠭᠡ︾ ᠨᠢ ᠤᠯᠤᠰ ᠤᠨ ᠳᠣᠲᠣᠭᠠᠳᠤ ᠭᠠᠳᠠᠭᠠᠳᠤ᠂ | ᠥᠪᠡᠷᠲᠡᠭᠡᠨ ᠵᠠᠰᠠᠬᠤ ᠣᠷᠣᠨ ᠪᠣᠯᠤᠨ ᠣᠷᠳᠣᠰ ᠤᠨ ᠬᠤᠯᠪᠣᠭᠳᠠᠯ ᠪᠦᠬᠦᠢ ᠠᠵᠤ ᠦᠢᠯᠡᠰ ᠤᠨ ᠪᠠᠶᠢᠳᠠᠯ ᠲᠠᠢ | ᠤᠶᠠᠯᠳᠤᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠪᠣᠯᠤᠨ ᠲᠤᠰᠬᠠᠶ ᠬᠡᠷᠡᠭᠯᠡᠭᠡᠨ ᠤ ᠬᠢᠮᠢ ᠶᠢᠨ | ᠪᠣᠳᠠᠰ ᠵᠡᠷᠭᠡ ᠠᠵᠤ ᠦᠢᠯᠡᠰ ᠢᠶᠠᠷ ᠬᠥᠭᠵᠢᠯᠲᠡ ᠶᠢᠨ ᠴᠢᠭᠯᠡᠯ ᠪᠣᠯᠭᠠᠵᠤ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠪᠠᠶᠢᠯᠳᠤᠬᠤ ᠪᠣᠳᠣᠯᠭ᠎ᠠ ᠳᠤ ᠰᠠᠭᠤᠷᠢᠯᠠᠨ ᠮᠠᠨ ᠤ ᠬᠤᠰᠢᠭᠤᠨ ᠤ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠤᠨ ᠬᠥᠭᠵᠢᠯᠲᠡ ᠶᠢᠨ ᠪᠤᠲᠠᠲᠤ ᠪᠠᠶᠢᠳᠠᠯ ᠲᠠᠢ ᠦᠨᠳᠦᠰᠦᠨ ᠳᠡᠭᠡᠨ ᠨᠡᠶᠢᠴᠡᠵᠦ ᠨᠡᠯᠢᠶᠡᠳ ᠴᠢᠩᠭ᠎ᠠ | ᠰᠢᠨᠵᠢᠯᠡᠬᠦ ᠤᠬᠠᠭᠠᠨᠴᠢ ᠴᠢᠨᠠᠷ᠂ ᠤᠷᠤᠯᠳᠤᠯᠭ᠎ᠠ ᠶᠢᠨ ᠴᠢᠨᠠᠷ ᠲᠠᠢ ᠪᠠᠶᠢᠵᠤ ᠬᠦᠷᠢᠶᠡᠯᠡᠩ ᠲᠣᠭᠤᠷᠢᠭ ᠤᠨ | ᠦᠷᠭᠦᠯᠵᠢᠯᠡᠬᠦᠶᠢᠴᠡ ᠬᠥᠭᠵᠢᠯᠲᠡ ᠪᠠ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠦᠷᠢᠶᠡᠯᠡᠩ ᠲᠣᠭᠤᠷᠢᠭ ᠤᠨ ᠡᠮᠦᠨᠡᠬᠢ ᠬᠤᠭᠤᠴᠠᠭᠠᠨ ᠤ | ᠲᠥᠯᠥᠪᠵᠢᠭᠦᠯᠭᠡ ᠶᠢ ᠲᠡᠭᠦᠯᠳᠡᠷᠵᠢᠭᠦᠯᠤᠨ ᠲᠤᠰ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠭᠠᠳᠠᠭᠠᠳᠤ ᠨᠥᠬᠦᠴᠡᠯ ᠤᠨ ᠵᠠᠳᠠᠯᠤᠯᠲᠠ ᠶᠢ ᠨᠥᠬᠦᠪᠥᠷᠢᠯᠡᠵᠦ ᠢᠷᠡᠭᠡᠳᠦᠶ ᠶᠢᠨ 5 ᠠᠴᠠ 10 | ᠵᠢᠯ ᠳᠤ ᠲᠤᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠦᠲᠦᠭᠡᠨ ᠪᠠᠶᠢᠭᠤᠯᠬᠤ ᠪᠠᠷ ᠪᠠᠶᠢᠭ᠎ᠠ ᠲᠣᠮᠣ | ᠬᠡᠯᠪᠡᠷᠢ ᠶᠢᠨ ᠠᠯᠺᠧᠨ ᠤ ᠲᠥᠷᠥᠯ ᠵᠦᠢᠯ ᠳᠤ ᠲᠦᠭᠦᠬᠡᠶ ᠮᠠᠲ᠋ᠧᠷᠢᠶᠠᠯ ᠤᠨ ᠪᠠᠲᠤᠯᠠᠭ᠎ᠠ ᠶᠢᠨ ᠵᠠᠳᠠᠯᠤᠯᠲᠠ ᠬᠢᠵᠤ | ᠬᠥᠭᠵᠢᠯᠲᠡ ᠶᠢᠨ ᠲᠥᠰᠦᠯ ᠭᠠᠷᠭᠠᠨ ᠲᠦᠭᠦᠬᠡᠶ ᠮᠠᠲ᠋ᠧᠷᠢᠶᠠᠯ ᠤᠨ ᠪᠠᠲᠤᠯᠠᠭ᠎ᠠ ᠪᠠ ᠦᠢᠯᠡᠳᠭᠦᠨ ᠤ ᠵᠠᠬ᠎ᠠ | ᠳᠡᠯᠭᠡᠭᠦᠷ ᠤᠨ ᠨᠥᠬᠦᠴᠡᠯ ᠢ ᠦᠨᠳᠦᠰᠦᠯᠡᠵᠤ ᠲᠥᠷᠥᠯ ᠵᠦᠢᠯ ᠤᠨ ᠲᠥᠰᠦᠯ ᠢ ᠰᠢᠯᠢᠳᠡᠭᠵᠢᠭᠦᠯᠬᠦ ᠬᠡᠷᠡᠭᠲᠡᠶ︔ ᠲᠤᠭ | ᠠᠵᠤ ᠥᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠣᠳᠣᠬᠠᠨ ᠳᠤ ᠨᠢᠭᠡᠨᠲᠡ ᠪᠠᠶᠢᠭᠤᠯᠤᠭᠰᠠᠨ ᠪᠠ | ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠤᠨ ᠢᠵᠢ ᠪᠦᠷᠢᠳᠦᠭᠦᠯᠬᠦ | ᠲᠥᠰᠦᠯ ᠲᠠᠢ ᠤᠶᠠᠯᠳᠤᠭᠤᠯᠵᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠡᠷᠡᠭᠯᠡᠬᠦ ᠨᠡᠶᠢᠲᠡ ᠶᠢᠨ | ᠬᠡᠷᠡᠭᠯᠡᠭᠡᠨ ᠤ ᠢᠨᠵᠧᠨᠧᠷᠢᠩ ᠪᠠ ᠲᠤᠰᠠᠯᠠᠬᠤ ᠲᠥᠭᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ | ᠰᠢᠯᠢᠳᠡᠭᠵᠢᠭᠦᠯᠤᠨ ᠬᠦᠷᠢᠶᠡᠯᠡᠩ ᠲᠣᠭᠤᠷᠢᠭ ᠲᠤ ᠣᠷᠣᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠦᠨᠡᠯᠡᠬᠦ | ᠲᠤᠭᠳᠠᠯᠴᠠᠭ᠎ᠠ ᠶᠢ ᠪᠠᠶᠢᠭᠤᠯᠬᠤ ᠬᠡᠷᠡᠭᠲᠡᠶ᠃ ᠨᠠᠶᠢᠷᠠᠭᠤᠯᠤᠨ ᠲᠤᠭᠲᠠᠭᠠᠭᠰᠠᠨ ᠨᠢᠭᠡᠴᠢ ᠨᠢ ᠲᠤᠰᠬᠠᠶ ᠮᠡᠷᠭᠡᠵᠢᠯᠲᠡᠨ ᠤ | ᠳᠤᠭᠤᠶᠢᠯᠠᠩ ᠵᠢᠴᠢ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠢᠭᠡᠳ ᠪᠠᠶᠢᠭᠤᠯᠭ᠎ᠠ ᠨᠢᠭᠡᠴᠢ ᠶᠢᠨ ᠥᠨᠠᠯᠠᠨ | ᠭᠢᠨᠠᠭᠰᠠᠨ ᠰᠠᠨᠠᠯ ᠢ ᠦᠨᠳᠦᠰᠦᠯᠡᠨ ᠲᠥᠯᠥᠪᠵᠢᠭᠦᠯᠭᠡ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠦᠭᠰᠡᠨ ᠤ ᠳᠠᠷᠠᠭ᠎ᠠ ᠵᠠᠰᠠᠭ ᠤᠨ ᠣᠷᠳᠣᠨ ᠤ ᠬᠤᠷᠠᠯ ᠳᠤ ᠳᠡᠪᠰᠢᠭᠦᠯᠵᠦ ᠬᠢᠨᠠᠨ ᠵᠥᠪᠯᠠᠭᠦᠯᠭᠦ ᠭᠡᠷᠡᠭᠳᠠᠢ | ᠭᠡᠵᠡᠢ᠃ |