ᠬᠥᠯᠥᠰᠥᠨ ᠠᠵᠢᠯᠴᠢᠨ ᠤ ᠬᠦᠯᠦᠰᠦ ᠮᠦᠡᠭᠭᠦ ᠶᠢ ᠥᠷᠢᠲᠦᠵᠦ ᠪᠠᠶᠢᠭ᠎ᠠ ᠠᠰᠠᠭᠤᠳᠠᠯ ᠢ ᠵᠦᠶ ᠵᠣᠬᠢᠰᠲᠠᠶ | ᠰᠢᠢᠳᠪᠦᠷᠢᠯᠡᠬᠦ ᠨᠢ ᠥᠷᠭᠡᠨ ᠣᠯᠠᠨ ᠬᠥᠯᠥᠰᠥᠨ ᠠᠵᠢᠯᠴᠢᠨ ᠤ ᠠᠰᠢᠭ ᠲᠤᠰᠠ ᠳᠤ ᠬᠤᠯᠪᠣᠭᠳᠠᠵᠦ ᠪᠠᠶᠢᠳᠠᠭ᠃ | ᠦᠢᠷ᠎ᠡ ᠶᠢᠨ ᠵᠢᠯ ᠠᠴᠠ ᠦᠤᠰᠢᠨ ᠬᠤᠰᠢᠭᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠥᠯᠥᠰᠥᠨ ᠠᠵᠢᠯᠴᠢᠨ ᠤ ᠬᠦᠯᠦᠰᠦ ᠮᠦᠡᠭᠬᠦ ᠶᠢ | ᠤᠷᠤᠨᠵᠢᠭᠤᠯᠬᠤ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠢᠶᠠᠨ ᠡᠷᠴᠢᠮᠵᠢᠬᠦᠯᠦᠨ᠂ ᠬᠥᠯᠥᠰᠥᠨ | ᠠᠵᠢᠯᠴᠢᠳ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠬᠠᠮᠠᠭᠠᠯᠠᠬᠤ ᠶᠢ ᠬᠦᠴᠦᠯᠡᠨ | ᠠᠬᠢᠭᠤᠯᠪᠠ᠃ | ᠲᠤᠰ ᠲᠤᠪᠴᠢᠶ᠎ᠡ ᠬᠢᠨᠠᠨ ᠡᠵᠡᠮᠳᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ | ᠬᠥᠯᠥᠰᠥᠨ ᠠᠵᠢᠯᠴᠢᠨ ᠤ ᠬᠦᠯᠦᠰᠦ ᠤᠯᠭᠤᠮᠵᠢ ᠶᠢᠨ ᠲᠤᠰᠬᠠᠶ ᠳᠠᠩᠰᠠ ᠨᠡᠭᠡᠭᠡᠭᠰᠡᠨ ᠪᠠᠩᠬᠢ ᠪᠠᠷ ᠬᠥᠯᠥᠰᠥᠨ | ᠠᠵᠢᠯᠴᠢᠨ ᠤ ᠬᠦᠯᠦᠰᠦ ᠮᠦᠡᠭᠭᠦ ᠶᠢᠨ ᠲᠤᠰᠬᠠᠢ ᠳᠠᠩᠰᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢ | ᠬᠠᠷᠢᠭᠤᠴᠠᠭᠤᠯᠵᠤ᠂ ᠪᠡᠯᠡ ᠮᠥᠩᠭᠦ ᠶᠢ ᠪᠣᠯᠵᠣᠨ ᠲᠣᠭᠲᠠᠭᠰᠠᠨ ᠶᠣᠰᠣᠭᠠᠷ ᠰᠢᠯᠵᠢᠭᠦᠯᠵᠤ ᠥᠭᠭᠦᠭᠰᠡᠨ ᠦᠭᠡᠢ ᠵᠡᠷᠭᠡ | ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ | ᠨᠢᠭᠡᠴᠢ ᠳᠤ ᠮᠡᠳᠡᠭᠳᠡᠬᠦ ᠶᠢᠨ ᠬᠠᠮᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠳᠤ ᠮᠡᠳᠡᠭᠦᠯᠵᠤ᠂ ᠡᠯ᠎ᠡ ᠰᠠᠯᠠᠭ᠎ᠠ ᠮᠥᠴᠢᠷ ᠪᠠ ᠡᠯ᠎ᠡ ᠳᠠᠩᠰᠠ | ᠨᠡᠭᠡᠭᠡᠭᠰᠡᠨ ᠪᠠᠩᠬᠢ ᠵᠡᠷᠭᠡ ᠪᠠᠶᠢᠭᠤᠯᠤᠮᠵᠢ ᠶᠢᠨ ᠬᠠᠮᠵᠢᠯᠴᠠᠭ᠎ᠠ ᠶᠢ ᠴᠢᠩᠭᠠᠳᠬᠠᠭᠰᠠᠨ ᠪᠠᠶᠢᠨ᠎ᠠ᠃ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠪᠠ ᠣᠯᠠᠨ ᠲᠦᠮᠡᠨ ᠤ ᠬᠢᠨᠠᠯᠲᠠ ᠶᠢ ᠬᠠᠷᠢᠯᠴᠠᠨ ᠤᠶᠠᠯᠳᠤᠭᠤᠯᠵᠤ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠢᠯᠡᠴᠢᠯᠡᠨ ᠮᠡᠳᠡᠭᠦᠯᠬᠦ ᠶᠢ | ᠱᠠᠩᠨᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠣᠯᠠᠨ ᠲᠦᠮᠡᠨ ᠤ ᠢᠯᠡᠴᠢᠯᠡᠨ ᠮᠡᠳᠡᠬᠦᠯᠬᠦ ᠢᠳᠡᠪᠬᠢᠵᠢᠯ ᠢ | ᠳᠠᠶᠢᠴᠢᠯᠠᠨ᠂ ᠡᠷᠲᠡ ᠠᠴᠠ ᠰᠡᠷᠭᠡᠶᠢᠯᠡᠨ ᠤᠷᠢᠳᠴᠢᠯᠠᠨ ᠪᠠᠶᠢᠴᠠᠭᠠᠨ ᠰᠤᠳᠤᠯᠵᠤ᠂ ᠬᠦᠯᠦᠰᠦᠨ ᠠᠵᠢᠯᠴᠢᠨ ᠳᠤ ︽ | ᠬᠦᠯᠦᠰᠦ ᠮᠦᠡᠭᠭᠦ ᠥᠷᠢᠲᠦᠬᠦ︾ ᠵᠡᠷᠭᠡ ᠪᠠᠶᠢᠳᠠᠯ ᠢᠯᠡᠷᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ | ᠬᠤᠷᠢᠭᠯᠠᠵᠤ᠂ ᠬᠥᠯᠥᠰᠥᠨ ᠠᠵᠢᠯᠴᠢᠨ ᠤ ᠬᠦᠯᠦᠰᠦ ᠮᠦᠡᠭᠬᠦ ᠶᠢ ᠲᠤᠬᠳᠠᠬᠰᠠᠨ ᠴᠠᠭ ᠲᠤᠨᠢ ᠤᠷᠤᠨᠵᠢᠭᠤᠯᠬᠤ ᠶᠢ | ᠪᠠᠳᠤᠯᠠᠵᠦ᠂ ᠬᠦᠯᠦᠰᠦᠨ ᠠᠵᠢᠯᠴᠢᠳ ᠤᠨ ᠬᠠᠤᠯᠢ ᠴᠠᠭᠠᠵᠠ ᠶᠢᠨ ᠬᠤᠷᠴᠠ ᠵᠡᠪᠰᠡᠭ ᠢ ᠰᠠᠶᠢᠲᠤᠷ ᠬᠡᠷᠡᠭᠯᠡᠵᠦ᠂ | ᠬᠠᠤᠯᠢ ᠶᠤᠰᠤᠨ ᠤ ᠡᠷᠬᠡ ᠠᠰᠢᠭ ᠢᠶᠠᠨ ᠪᠠᠳᠤᠯᠠᠬᠤ ᠦᠵᠡᠯ ᠲᠠᠨᠢᠯᠲᠠ ᠶᠢ ᠴᠢᠨᠠᠬᠰᠢᠲᠠ ᠲᠡᠭᠡᠭᠰᠢᠯᠡᠬᠦᠯᠦᠭᠰᠡᠨ ᠪᠠᠶᠢᠨ᠎ᠠ | ᠃ | |