ᠪᠦᠬᠦ ᠬᠤᠲᠠ ᠶᠢᠨ ᠠᠶᠤᠯ ᠦᠭᠡᠢ ᠦᠢᠯᠡᠳᠪᠤᠷᠢᠯᠡᠯ ᠪᠠ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/9
     ᠤᠢᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠡᠴᠡᠨᠪᠢᠯᠢᠭ ᠪᠦᠬᠦ ᠬᠤᠲᠠ ᠶᠢᠨ ᠠᠶᠤᠯ ᠦᠭᠡᠢ ᠦᠢᠯᠡᠳᠪᠤᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠬᠦ ᠭᠠᠯ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠂ ᠪᠦᠬᠦ ᠣᠷᠣᠨ ᠤ ᠠᠶᠤᠯ ᠦᠭᠡᠢ ᠦᠢᠯᠡᠳᠪᠤᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠬᠡᠶᠢᠯᠡᠬᠦ ᠭᠠᠯ ᠤᠨᠲᠠᠷᠠᠭᠠᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠮᠠᠨ ᠤ ᠬᠤᠲᠠ ᠶᠢᠨ ᠲᠦᠷᠦᠭᠦᠦ ᠭᠤᠷᠪᠠᠨ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠪᠠ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠲᠡᠷᠭᠡᠯ ᠰᠠᠷᠠ ᠶᠢᠨ ᠪᠠᠶᠠᠷ᠂ ᠤᠯᠤᠰ ᠤᠨ ᠪᠠᠶᠠᠷ ᠤᠨ ᠬᠤᠭᠤᠴᠠᠭ᠎ᠠ ᠪᠠ ᠳᠥᠷᠪᠡᠳᠦᠭᠡᠷ ᠤᠯᠠᠷᠢᠯ ᠤᠨ ᠠᠶᠤᠯ ᠥᠬᠡᠶ ᠦᠢᠯᠡᠳᠪᠤᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠦ᠋᠂ ᠬᠤᠲᠠ ᠶᠢᠨ ᠳᠡᠳ᠋ ᠳᠠᠷᠤᠭ᠎ᠠ ᠯᠢ ᠸᠧᠨ ᠵᠥᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᡁᠢ ᠬᠤᠷᠠᠯ ᠳᠤ ᠣᠷᠣᠯᠴᠠᠪᠠ᠃      ᠰᠡᠴᠡᠨᠪᠢᠯᠢᠭ ᠡᠯ᠎ᠡ ᠱᠠᠲᠤ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠤᠷᠢᠯᠡᠯ᠂ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠬᠡᠵᠢᠬᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠬᠥᠭᠵᠢᠯᠲᠡ ᠶᠢᠨ ᠣᠢᠢᠯᠠᠭᠠᠬᠳᠠᠬᠤᠨ ᠢ ᠪᠠᠲᠤ ᠪᠠᠬᠢ ᠪᠤᠢ ᠪᠣᠯᠭᠠᠵᠤ᠂ ᠰᠡᠷᠡᠮᠵᠢ ᠶᠢᠨ ᠲᠤᠭᠢᠶ᠎ᠠ ᠶᠢ ᠪᠠᠶᠢᠩᠭᠤ ᠳᠤᠤᠭᠠᠷᠭᠠᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠳᠡᠢ ᠬᠡᠵᠤ ᠵᠢᠭᠠᠵᠤ ᠭᠠᠷᠭᠠᠪᠠ᠃      ᠰᠡᠴᠡᠨᠪᠢᠯᠢᠭ ︽ᠠᠶᠤᠯ ᠦᠭᠡᠢ ᠦᠶ᠋ᠯᠡᠳᠪᠦᠷᠢᠯᠡᠯ ᠤᠨ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ ᠠᠶᠤᠯ ᠲᠠᠢ ᠬᠢᠮᠢ ᠶᠢᠨ ᠠᠵᠤ ᠦᠢᠯᠡᠳᠪᠦᠷᠢ᠂ ᠨᠡᠭᠦᠷᠡᠰᠦᠨ ᠠᠭᠤᠷᠬᠠᠶ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠤ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠪᠠ ᠵᠠᠩᠭᠢᠯᠠᠭ᠎ᠠ ᠶᠢᠨ ᠭᠤᠬᠴᠤᠭ᠎ᠠ ᠪᠠᠷ ᠭᠤᠤᠯᠳᠠᠯᠭ᠎ᠠ ᠪᠤᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠳᠠᠯᠳᠠ ᠭᠡᠮ ᠢ ᠢᠯᠡᠷᠡᠭᠦᠯᠦᠭᠰᠡᠨ ᠠᠰᠠᠭᠤᠳᠠᠯ ᠳᠤ ᠨᠠᠷᠢᠨ ᠳᠠᠩᠰᠠ ᠪᠠᠶᠢᠭᠤᠯᠤᠨ ᠬᠠᠮᠢᠶᠠᠷᠤᠯᠳᠡ ᠬᠢᠵᠦ᠂ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠶ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ᠂ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠢᠯᠠᠩᠭᠤᠶ᠎ᠠ ᠳᠡᠷᠬᠡᠯ ᠰᠠᠷᠠ ᠶᠢᠨ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠢ ᠰᠠᠶᠢᠲᠤᠷ ᠠᠳᠬᠤᠵᠤ᠂ ᠤᠳᠤᠷᠢᠳᠬᠤ ᠺᠠᠳ᠋ᠷ ᠠᠵᠢᠯ ᠤᠨ ᠪᠠᠶᠢᠷᠢᠨ ᠳᠤ ᠣᠴᠢᠵᠤ ᠡᠭᠡᠯᠵᠢ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠡᠯ᠎ᠡ ᠲᠦᠷᠦᠯ ᠤᠨ ᠡ᠊ᠨᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠳᠡᠢ᠃ ᠡᠷᠬᠡ ᠬᠠᠷᠢᠭᠤᠴᠠᠯᠭ᠎ᠠ ᠨᠢᠭᠡᠳᠦᠯᠲᠡᠶ᠂ ᠥᠨᠳᠥᠷ ᠪᠦᠲᠦᠮᠵᠢᠲᠡᠶ ᠪᠥᠭᠡᠳ ᠵᠢᠷᠤᠮᠵᠢᠭᠰᠠᠨ ᠠᠶᠤᠯ ᠦᠭᠡᠢ ᠦᠢᠯᠡᠳᠪᠤᠷᠢᠯᠡᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠠᠵᠢᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ ᠬᠠᠤᠯᠢ ᠬᠡᠷᠡᠭᠵᠢᠭᠦᠯᠬᠦ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠶ᠋ᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠳᠡᠢ ᠬᠡᠵᠤ ᠴᠢᠬᠤᠯᠠᠴᠢᠯᠡᠪᠡ᠃      ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠵᠠᠩ ᡁᠢ ᠰᠢᠥ᠋ᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠠᠷᠤᠭ᠎ᠠ ᠯᠢᠨ ᠶᠥᠩ ᠭᠠᠩ᠂ ᠬᠤᠰᠢᠭᠤ ᠤᠳᠤᠷᠢᠳᠤᠯᠭ᠎ᠠ ᠵᠸᠤ ᠱᠤᠸᠠᠢ᠂ ᠪᠠᠶᠠᠠᠴᠠᠩᠭᠡᠯ᠂ ᠶᠠᠩ ᠵᠥᠩ ᠬᠤᠩ᠂ ᠰᠢᠶᠤᠤ ᡁᠢ ᠺᠤᠸᠠᠨ ᠪᠤᠯᠤᠨ ᠬᠤᠯᠪᠤᠭᠳᠠᠯ ᠪᠥᠭᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠭᠰᠠᠨ ᠪᠠᠶᠢᠨ᠎ᠠ᠃
 
ᠢᠷᠡᠯᠲᠡ᠄ ᠳᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号