ᠬᠤᠲᠠ ᠶᠢᠨ ᠭᠤᠷᠪᠠᠳᠤᠭᠠᠷ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠵᠥᠪᠳᠡᠯᠴᠠᠭᠦ ᠬᠤᠷᠠᠯ ᠡᠭᠢᠯᠡᠪᠡ
ᠨᠡᠶᠢᠲᠡᠯᠡᠭᠰᠡᠨ ᠴᠠᠭ᠄
2020/10/9
     9 ᠰᠠᠷ᠎ᠠ ᠶᠢᠨ 28 ᠤ ᠡᠳᠦᠷ᠂ ︽ᠨᠠᠮ ᠤᠨ ᠪᠠᠶᠢᠭᠤᠯᠤᠯᠲᠠ ᠶᠢ ᠠᠳᠬᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ ᠳᠠᠭᠠᠭᠠᠴᠢᠯᠠᠨ ᠬᠠᠷᠢᠯᠴᠠᠬᠤ ᠶᠢ ᠴᠢᠩᠭᠠᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ︾ ᠰᠡᠳᠤᠪᠳᠤ ᠮᠠᠨ ᠤ ᠬᠤᠳᠠ ᠶᠢᠨ ᠠᠵᠤ ᠠᠬᠤᠶᠢᠯᠠᠯ ᠪᠤᠯᠤᠨ ᠣᠷᠣᠨ ᠨᠤᠲᠤᠭ ᠤᠨ ᠵᠠᠰᠠᠭ ᠤᠨ ᠤᠷᠳᠤᠨ ᠬᠠᠮᠳᠤᠷᠠᠨ ᠭᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠠᠬᠢᠭᠤᠯᠬᠤ ᠬᠤᠷᠠᠯ ᠵᠢᠴᠢ ᠭᠤᠷᠪᠠᠳᠤᠭᠠᠷ ᠬᠤᠭᠤᠴᠠᠭᠠᠨ ᠤ ᠲᠠᠷᠢᠶᠠᠯᠠᠩ ᠤᠨ ᠪᠥᠳᠥᠭᠡᠭᠳᠠᠭᠦᠨ ᠢ ᠳᠡᠯᠭᠡᠨ ᠦᠵᠡᠭᠦᠯᠬᠦ ᠵᠥᠪᠳᠡᠯᠴᠡᠬᠦ ᠬᠤᠷᠠᠯ ᠤᠷᠳᠤᠰ ᠤᠨ ᠤᠯᠠᠨ ᠤᠯᠤᠰ ᠤᠨ ᠬᠤᠷᠠᠯ ᠤᠨ ᠦᠵᠡᠰᠬᠦᠯᠡᠩ ᠤᠨ ᠲᠥᠪ ᠲᠤ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠬᠤᠷᠠᠯ ᠡᠬᠢᠯᠡᠭᠰᠡᠨ ᠢ ᠵᠠᠷᠯᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠢᠶᠠᠨ ᠭᠦᠸᠧ ᠪᠤᠯᠤᠨ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
      ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠣᠷᠳᠣᠰ ᠬᠤᠳᠠ ᠶᠢᠨ ᠭᠠᠴᠠᠭ᠎ᠠ ᠲᠤᠰᠬᠤᠨ ᠢ ᠳᠠᠭᠠᠭᠠᠴᠢᠯᠠᠨ ᠬᠠᠷᠢᠯᠴᠠᠵᠣ ᠪᠠᠶᠢᠭ᠎ᠠ ᠺᠠᠳ᠋ᠷᠴᠤᠳ ᠤᠨ ᠠᠵᠢᠯ ᠤᠨ ᠪᠠᠶᠢᠴᠭᠠᠯᠳᠠ ᠶᠢᠨ ᠲᠠᠮᠳᠡᠭᠯᠠᠯ︾ ᠭᠡᠬᠦ ᠲᠤᠰᠬᠠᠶ ᠰᠡᠳᠦᠪᠲᠦ ᠹᠢᠯᠢᠮ ᠢ ᠦᠵᠡᠵᠦ ᠪᠥᠬᠦ ᠬᠤᠲᠠ ᠶᠢᠨ ᠠᠵᠤ ᠠᠬᠤᠶᠢᠯᠠᠯ ᠪᠤᠯᠤᠨ ᠣᠷᠣᠨ ᠨᠤᠲᠤᠭ ᠤᠨ ᠵᠠᠰᠠᠭ ᠤᠨ ᠤᠷᠳᠤᠨ ᠬᠠᠮᠳᠤᠷᠠᠨ ᠭᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠷᠥᠯ ᠵᠥᠢᠯ ᠤᠨ ᠭᠡᠷ᠎ᠡ ᠲᠣᠭᠲᠠᠬᠤ ᠶᠣᠰᠣᠯᠠᠯ ᠢ ᠶᠠᠪᠤᠭᠳᠠᠭᠤᠯᠤᠨ ︽ᠣᠷᠳᠣᠰ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠠᠷᠢᠶᠠᠯᠠᠩ ᠤᠨ ᠪᠦᠲᠦᠭᠡᠭᠳᠡᠬᠦᠨ ᠤ ᠮᠡᠳᠡᠭᠡ ᠵᠠᠩᠭᠢ ᠶᠢ ᠲᠣᠬᠢᠷᠠᠭᠤᠯᠬᠤ ᠲᠠᠪᠴᠠᠩ︾ ᠢ ᠡᠬᠢᠯᠡᠭᠦᠯᠵᠦ ᠨᠢᠤ ᠵᠢᠶᠦ᠋ᠨ ᠶᠠᠨ᠂ ᠸᠠᠩ ᠵᠢᠶᠠᠨ ᠭᠥᠸᠧ᠂ ᠢᠤᠢ ᠰᠢᠨ ᠹᠠᠩ ᠵᠡᠷᠭᠡ ᠬᠤᠲᠠ ᠶᠢᠨ ᠤᠳᠤᠷᠢᠳᠤᠯᠭ᠎ᠠ ᠡᠷᠳᠡᠨᠢᠪᠢᠯᠢᠭ ᠪᠣᠯᠤᠨ ᠵᠣᠣ ᠹᠸᠢ ᠯᠦ ᠶᠢᠨ ᠪᠠᠷᠠᠳᠠᠯᠭ᠎ᠠ ᠪᠠᠷ ᠮᠠᠨ ᠤ ᠬᠤᠰᠢᠭᠤᠨ ᠤ ᠦᠵᠡᠰᠬᠦᠯᠡᠩ ᠤᠨ ᠣᠷᠳᠣᠨ ᠢ ᠲᠣᠭᠤᠷᠢᠨ ᠦᠵᠡᠪᠡ᠃
     ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠪᠠᠶᠠᠨᠴᠡᠩᠭᠡᠯ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠵᠥᠩ ᠮᠸᠢ ᠤᠷᠳᠤᠰ ᠡᠨᠧᠷᠭᠢ ᠬᠢᠮᠢ ᠶᠢᠨ ᠥᠢᠯᠡᠳᠪᠤᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠲᠠᠢ ᠬᠠᠮᠳᠤᠷᠠᠨ ᠠᠵᠢᠯᠯᠠᠬᠤ ᠰᠠᠨᠠᠭᠠᠴᠢᠯᠠᠭ᠎ᠠ ᠶᠢᠨ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠵᠤ ᠥᠥᠰᠢᠨ ᠬᠤᠰᠢᠭᠤᠨ ᠤ ᠥᠢᠯᠡᠳᠪᠤᠷᠢ ᠠᠭᠤᠷᠬᠠᠢ ᠶᠢᠨ ᠬᠦᠷᠢᠶᠡᠯᠡᠩ ᠲᠣᠭᠤᠷᠢᠭ ᠤᠨ ᠢᠳᠡᠰᠢᠨ ᠨᠣᠭᠤᠭ᠎ᠠ ᠲᠠᠷᠢᠬᠤ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠬᠢᠭᠡᠳ ᠥᠪᠥᠷ ᠮᠣᠩᠭᠤᠯ ᠤᠨ ᠬᠤᠸᠠᠳᠤᠯᠤᠭᠠᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠳᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠵᠠᠬᠢᠶᠠᠯᠠᠭ᠎ᠠ ᠶᠢᠨ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠪᠠ᠃ ᠥᠥᠰᠢᠨ ᠬᠤᠰᠢᠭᠤᠨ ᠤ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠯᠲᠡ ᠶᠢᠨ ᠭᠢᠵᠠᠭᠠᠷᠳᠤ ᠺᠤᠮᠫᠠᠨᠢ ᠶᠢᠨ ᠬᠠᠷᠢᠭᠤᠴᠠᠯᠭᠠᠲᠠᠨ᠂ ᠥᠪᠥᠷ ᠮᠣᠩᠭᠤᠯ ᠤᠨ ᠵᠥᠩ ᠮᠧᠶ ᠶᠤᠸᠠᠨ ᠰᠢᠩ ᠡᠨᠧᠷᠭᠢ ᠬᠢᠮᠢ ᠶᠢᠨ ᠥᠢᠯᠡᠳᠪᠤᠷᠢ ᠶᠢᠨ ᠬᠢᠵᠠᠭᠠᠷᠲᠤ ᠺᠣᠮᠫᠠᠨᠢ ᠵᠡᠷᠭᠡ ᠳᠥᠷᠪᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠣᠰ ᠲᠣᠰ ᠬᠠᠮᠳᠤᠷᠠᠨ ᠠᠵᠢᠯᠯᠠᠬᠤ ᠰᠠᠨᠠᠭᠠᠴᠢᠯᠠᠭ᠎ᠠ ᠶᠢᠨ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠤᠭᠲᠠᠪᠠ᠃
     ᠣᠶᠢᠯᠠᠭᠠᠭᠰᠠᠨ ᠢᠶᠠᠷ᠂ ᠲᠤᠰ ᠤᠳᠠᠭᠠᠨ ᠤ ᠳᠡᠯᠭᠡᠨ ᠦᠵᠡᠭᠦᠯᠵᠦ ᠵᠥᠪᠳᠡᠯᠴᠡᠬᠦ ᠬᠤᠷᠠᠯ ᠢ ᠬᠤᠲᠠ ᠶᠢᠨ ᠭᠠᠴᠠᠭ᠎ᠠ ᠲᠤᠰᠬᠤᠨ ᠢ ᠳᠠᠭᠠᠭᠠᠴᠢᠯᠠᠨ ᠬᠠᠷᠢᠯᠴᠠᠵᠣ ᠪᠠᠶᠢᠭ᠎ᠠ ᠺᠠᠳ᠋ᠷᠴᠤᠳ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ ᠭᠤᠤᠯᠯᠠᠨ ᠡᠷᠬᠢᠯᠡᠵᠦ ︽ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ ᠲᠠᠭᠠᠭᠠᠴᠢᠯᠠᠨ ᠬᠠᠷᠢᠯᠴᠠᠬᠤ ᠶᠢ ᠴᠢᠩᠭᠠᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠰᠠᠯᠠᠬᠤ︾ ᠪᠠᠷ ᠭᠤᠣᠯ ᠰᠡᠳᠦᠪ ᠪᠤᠯᠭᠠᠨ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠵᠤ ᠮᠠᠨ ᠤ ᠬᠤᠲᠠ ᠶᠢᠨ 360 ᠠᠵᠤ ᠠᠬᠤᠶᠢᠯᠠᠯ ᠦᠵᠡᠭᠦᠯᠦᠯᠭᠡ ᠳᠤ ᠣᠷᠣᠯᠴᠠᠵᠤ ᠭᠤᠤᠯᠳᠠᠭᠤ ᠠᠮᠤ ᠪᠤᠳᠠᠭ᠎ᠠ ᠲᠣᠰᠣ᠂ ᠢᠳᠡᠭᠡᠨ ᠤ ᠵᠥᠢᠯ᠂ ᠡᠳᠦᠷ ᠲᠤᠲᠤᠮ ᠤᠨ ᠬᠡᠷᠡᠭᠯᠡᠭᠡᠨ ᠤ ᠵᠥᠢᠯ᠂ ᠡᠷᠡᠭᠦᠯᠵᠢᠯ ᠤᠨ ᠪᠤᠳᠠᠰ᠂ ᠤᠮᠳᠠᠭᠠᠨ ᠵᠡᠷᠭᠡ 305 ᠲᠥᠷᠥᠯ ᠵᠥᠢᠯ ᠢ ᠲᠡᠯᠭᠡᠨ ᠥᠵᠡᠭᠦᠯᠵᠤ ᠡᠨᠡ ᠬᠤᠭᠤᠴᠠᠭᠠᠨ ᠳᠤ ᠪᠠᠰᠠ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ᠂ ᠲᠣᠭᠯᠠᠯᠲᠠ ᠭᠠᠷᠭᠠᠬᠤ᠂ ᠠᠮᠲᠠᠲᠤ ᠢᠳᠡᠭᠡᠨ ᠢ ᠠᠮᠲᠠᠯᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠥᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号