ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠲᠦᠷᠦᠭᠦᠯᠡᠨ ᠰᠤᠷᠭᠠᠭᠤᠯᠢ ᠶᠢᠨ ᠬᠦᠷᠢᠶᠡᠨ ᠳᠤ ᠭᠥᠨᠵᠠᠭᠡᠶᠢᠷᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠬᠡᠵᠢᠬᠦᠯᠭᠡ ᠶᠢᠨ ᠨᠠᠮ ᠤᠨ ᠭᠡᠰᠢᠭᠦᠨ ᠰᠠᠶᠢᠨ ᠲᠤᠷᠠᠴᠤᠳ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2020/10/9
     9 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠲᠦᠷᠦᠭᠦᠯᠡᠨ ᠰᠤᠷᠭᠠᠭᠤᠯᠢ ᠶᠢᠨ ᠬᠦᠷᠢᠶᠡᠨ ᠳᠤ ᠭᠥᠨᠵᠠᠭᠡᠶᠢᠷᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠤᠯᠬᠡᠵᠢᠬᠦᠯᠭᠡ ᠶᠢᠨ ᠨᠠᠮ ᠤᠨ ᠭᠡᠰᠢᠭᠦᠨ ᠰᠠᠶᠢᠨ ᠲᠤᠷᠠᠴᠤᠳ ᠤᠨ ᠠᠵᠢᠯᠯᠠᠭ᠎ᠠ ᠶᠢ ᠥᠷᠨᠢᠭᠦᠯᠥᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠠ ᠵᠢᠴᠢ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠤᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠨᠠᠮ ᠤᠨ ᠰᠤᠷᠭᠠᠭᠤᠯᠢ᠂ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠠᠩᠭᠢ ᠶᠢᠨ ᠡᠷᠬᠢᠯᠡᠭᠴᠢ᠂ ᠨᠠᠮ ᠤᠨ ᠭᠡᠰᠢᠭᠦᠨ ᠪᠠᠭᠰᠢ᠂ ᠪᠠᠭᠰᠢ ᠶᠢᠨ ᠲᠥᠯᠥᠭᠡᠯᠡᠭᠴᠢᠳ ᠬᠤᠷᠠᠯ ᠳᠤ ᠣᠷᠣᠯᠴᠠᠵᠠᠶ᠃
     ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠡᠷᠳᠡᠨᠢᠪᠢᠯᠢᠭ ᠨᠡᠷ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠤᠷᠤᠯᠴᠠᠭᠰᠠᠨ ᠪᠠᠶᠢᠨ᠎ᠠ᠃ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠪᠠ ᠪᠦᠬᠦ ᠪᠠᠭᠰᠢ ᠰᠤᠷᠤᠭᠴᠢᠳ ᠲᠥᠪ ᠵᠣᠭᠰᠣᠵᠤ ᠤᠯᠤᠰ ᠤᠨ ᠲᠤᠭ ᠮᠠᠨᠳᠤᠭᠤᠯᠤᠨ ᠤᠯᠤᠰ ᠤᠨ ᠰᠦᠯᠳᠡ ᠲᠠᠭᠤᠤ ᠶᠢ ᠬᠠᠮᠲᠤ ᠪᠠᠷ ᠳᠠᠭᠤᠯᠠᠵᠤ ᠰᠦᠷ ᠵᠢᠪᠬᠤᠯᠠᠩᠲᠤ ᠤᠯᠤᠰ ᠤᠨ ᠰᠦᠯᠳᠡ ᠲᠠᠭᠤᠨ ᠤ ᠳᠤᠮᠳᠠ ᠲᠠᠪᠤᠨ ᠣᠳᠣᠲᠤ ᠤᠯᠠᠭᠠᠨ ᠲᠤᠭ ᠤᠨ ᠠᠯᠭᠤᠷ ᠮᠠᠠᠳᠤᠬᠤ ᠶᠢ ᠰᠢᠷᠲᠡᠨ ᠬᠥᠮᠦᠰ ᠤᠨ ᠰᠡᠳᠬᠢᠯ ᠢ ᠳᠣᠭᠳᠣᠯᠤᠭᠤᠯᠤᠭᠰᠠᠨ ᠤᠯᠤᠰ ᠤᠨ ᠲᠠᠭᠤᠤ ᠵᠠᠯᠠᠭᠤ ᠨᠠᠰᠤᠨ ᠤ ᠠᠶᠠᠰ‌ᠢ ᠴᠢᠪᠬᠠᠳᠠᠨ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠯᠤᠰ ᠢᠶᠠᠨ ᠬᠠᠶᠢᠷᠠᠯᠠᠵᠤ ᠲᠤᠭ ᠢᠶᠠᠨ ᠥᠨᠳᠥᠷ ᠲᠤ ᠮᠠᠨᠳᠤᠭᠤᠯᠤᠨ ᠦᠷᠭᠦᠯᠵᠢᠯᠡᠨ ᠡᠷᠡᠮᠡᠬᠡᠶᠢᠯᠡᠨ ᠲᠠᠪᠰᠢᠵᠤ ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠶᠢᠨ ᠬᠥᠭᠡᠭᠡᠴᠡᠯᠳᠦᠭᠴᠢ ᠪᠤᠯᠵᠤ ᠡᠬᠡ ᠤᠯᠤᠰ ᠤᠨ ᠭᠡᠷᠡᠯ ᠰᠠᠴᠤᠷᠠᠩᠭᠤᠢ ᠮᠠᠷᠭᠠᠰᠢ ᠶᠢ ᠴᠣᠭᠴᠠᠯᠠᠬᠤ ᠳᠤ ᠬᠦᠴᠦ ᠨᠠᠮᠠᠷᠢᠯᠠᠭᠦ ᠶᠢ ᠭᠥᠪᠴᠢᠯᠡᠭᠰᠠᠨ ᠪᠠᠶᠢᠨ᠎ᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠶᠡᠷᠦᠩᠬᠡᠶ ᠱᠥᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠢ ᠶᠢᠨ ᠫᠢᠩ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠭᠠᠭᠤᠯᠢ ᠶᠢᠨ ᠭᠥᠷᠢᠶ᠎ᠠ᠂ ᠬᠢᠴᠢᠶᠡᠯ ᠤᠨ ᠲᠠᠩᠬᠢᠮ᠂  ᠪᠤᠯᠪᠠᠰᠤᠷᠠᠯ ᠳᠤ ᠤᠷᠤᠭᠤᠯᠬᠤ ᠶᠢ ᠠᠭᠢᠭᠤᠯᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ ᠰᠤᠷᠭᠠᠨ ᠬᠥᠮᠦᠵᠢᠯ ᠤᠨ ᠠᠵᠢᠯᠲᠠᠨ ᠪᠠ ᠥᠷᠭᠡᠨ ᠣᠯᠠᠨ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠡᠵᠡᠮᠰᠢᠨ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ ᠥᠨᠳᠤᠰᠤᠨ ᠡᠭᠦᠷᠭᠡ ᠶᠢ ᠨᠠᠶᠢᠳᠠᠪᠤᠷᠢᠵᠢᠭᠤᠯᠬᠤ ᠭᠡᠷᠡᠭᠳᠠᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠬᠦ ᠥᠨᠳᠤᠷᠴᠠ ᠠᠴᠠ ᠦᠵᠡᠯ ᠰᠠᠨᠠᠭ᠎ᠠ ᠲᠠᠨᠢᠯᠲᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠰᠤᠷᠤᠯᠴᠠᠯᠭ᠎ᠠ ᠬᠥᠮᠦᠵᠢᠯ᠂ ᠤᠬᠠᠭᠤᠯᠭ᠎ᠠ ᠶᠢ ᠴᠢᠩᠭᠠᠳᠬᠠᠵᠤ ᠨᠠᠮ ᠤᠨ ᠲᠥᠪ ᠬᠤᠷᠢᠶᠠᠨ ᠤ ᠠᠯᠤᠰ ᠬᠡᠳᠦ ᠶᠢᠨ ᠪᠣᠳᠣᠯᠬᠢᠯᠠᠯ ᠢ ᠭᠦᠢᠴᠡᠳ ᠲᠠᠨᠢᠵᠤ ᠨᠠᠮ ᠤᠨ ᠲᠥᠪ ᠬᠤᠷᠢᠶᠠᠨ ᠤ ᠲᠤᠳᠤᠨᠤ ᠬᠠᠯᠠᠮᠵᠢᠯᠠᠯ ᠢ ᠮᠡᠳᠡᠷᠡᠵᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠪᠤᠯᠭᠠᠬᠤ ᠭᠡᠷᠡᠭᠳᠠᠢ᠃ ᠰᠤᠷᠭᠠᠨ ᠬᠥᠮᠦᠵᠢᠯ ᠢ ᠲᠤᠭᠤᠰᠢᠯᠠᠭᠤᠯᠬᠤ ᠪᠣᠯ ᠤᠯᠤᠰ ᠣᠷᠣᠨ ᠤ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ᠂ ᠡᠰᠡᠬᠦᠯ᠎ᠡ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠬᠤ ᠲᠠᠯ᠎ᠠ ᠪᠠᠷ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠪᠣᠯ ᠴᠥᠮ ᠡᠯ᠎ᠡ ᠱᠠᠲᠤᠨ ᠤ ᠰᠤᠷᠭᠠᠭᠤᠯᠢ ᠶᠢᠨ ᠡᠷᠬᠡᠪᠰᠢ ᠰᠠᠶᠢᠲᠤᠷ ᠡᠷᠬᠢᠯᠡᠬᠦ ᠴᠢᠬᠤᠯᠠ ᠲᠠᠢ ᠵᠠᠩᠭᠢᠯᠠᠭ᠎ᠠ ᠶᠢᠨ ᠬᠢᠴᠢᠶᠡᠯ ᠮᠥᠨ ᠃ ᠪᠥᠬᠦ ᠬᠤᠰᠢᠭᠤᠨ ᠤ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠤᠮᠢᠨ ᠲᠠᠩᠰᠤᠭ ᠭᠥᠭᠵᠢᠨ ᠮᠠᠨᠳᠤᠯᠳᠠ  ᠶᠢ ᠪᠠᠶᠠᠯᠠᠭᠦᠯᠭᠦ︾ ᠬᠠᠮᠳᠤ ᠶᠢᠨ ᠬᠦᠴᠦᠨ ᠢ ᠨᠢᠭᠳᠠᠷᠠᠭᠤᠯᠵᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠭᠢᠭᠤᠯᠤᠨ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠵᠤ ᠰᠢᠨ᠎ᠡ ᠴᠠᠭ ᠦᠶ᠎ᠡ ᠪᠠ ᠰᠢᠨ᠎ᠡ ᠬᠥᠭᠵᠢᠯᠲᠡ ᠶᠢᠨ ᠱᠠᠲᠤᠨ ᠳᠤ ᠣᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ ᠨᠤᠮᠢᠨ ᠲᠠᠩᠰᠤᠭ ᠭᠥᠭᠵᠢᠨ ᠮᠠᠨᠳᠤᠯᠳᠠ ᠶᠢᠨ ᠰᠢᠨ᠎ᠠ ᠬᠠᠷᠠᠯᠲᠠ ᠶᠢ ᠪᠡᠶᠡᠯᠡᠭᠦᠯᠵᠦ ᠣᠳᠣᠬᠢᠴᠢᠯᠠᠭᠰᠠᠨ ᠦᠦᠰᠢᠨ ᠬᠤᠰᠢᠭᠤ ᠶᠢ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠭᠢᠯᠠᠭᠦᠯᠭᠦ ᠭᠡᠷᠡᠭᠳᠠᠢ᠃ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠠᠭᠦᠯᠤᠨ ᠰᠤᠷᠭᠠᠨ ᠬᠥᠮᠦᠵᠢᠯ ᠢ ᠲᠠᠷᠢᠭᠦᠨ ᠳᠤ ᠲᠠᠯᠪᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠠᠭᠢᠭᠤᠯᠬᠤ ᠭᠡᠷᠡᠭᠳᠠᠢ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ ︽ᠨᠠᠮ ᠤᠨ ᠪᠠᠶᠢᠭᠤᠯᠤᠯᠲᠠ ᠤᠨ ᠳᠠᠭᠠᠭᠤᠯᠤᠭᠴᠢ᠂ ᠨᠤᠮᠢᠨ ᠲᠠᠩᠰᠤᠭ ᠭᠥᠭᠵᠢᠨ ᠮᠠᠨᠳᠤᠯᠳᠠ︾ ᠪᠠᠷ ᠵᠢᠯᠤᠭᠤᠳᠤᠭᠤᠯᠵᠤ ᠰᠤᠷᠭᠠᠭᠤᠯᠢ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ  ᠴᠢᠩᠭᠠᠳᠬᠠᠨ ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠨᠳᠥᠷ ᠬᠡᠪ ᠪᠣᠯᠪᠠᠰᠤᠷᠠᠯ ᠲᠠᠢ᠂ ᠪᠦᠲᠦᠴᠡ ᠨᠢ ᠵᠦᠢ ᠵᠣᠬᠢᠰᠲᠠᠢ᠂ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ ᠭᠡᠷᠡᠭᠳᠠᠢ᠃ ᠡᠯ᠎ᠡ ᠰᠤᠷᠭᠠᠭᠤᠯᠢ ᠨᠤᠭᠤᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠲᠥᠪ ᠢᠶᠠᠷ ᠠᠴᠢᠶᠠᠯᠠᠪᠤᠷᠢ ᠪᠣᠯᠭᠠᠵᠤ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠠᠨ᠂ ᠪᠠᠭᠰᠢ ᠶᠢᠨ ᠰᠢᠯᠢᠳᠡᠭ  ᠬᠡᠪ ᠰᠤᠷᠲᠠᠯ ᠢ  ᠪᠠᠳᠠᠷᠠᠭᠤᠯᠤᠭᠰᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠵᠢᠬᠦᠯᠭᠡ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠪᠦᠬᠦ ᠲᠠᠯ᠎ᠠ ᠶᠢᠨ ᠭᠥᠭᠵᠢᠯᠳᠠ ᠶᠢ ᠲᠥᠷᠭᠡᠳᠭᠡᠨ ᠪᠦᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠶᠢ ᠠᠭᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ︽ᠥᠵᠡᠰᠭᠦᠯᠡᠩᠳᠤ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠭᠥᠰᠡᠯ ᠵᠡᠭᠦᠳᠦ ᠪᠠᠨ ᠬᠠᠮᠳᠤᠪᠠᠷ ᠲᠡᠷᠭᠡᠯᠰᠢᠭᠦᠯᠬᠦ︾ ᠳᠤ ᠨᠡᠩ ᠶᠡᠭᠡ ᠰᠢᠨ᠎ᠡ ᠬᠤᠪᠢ ᠨᠡᠮᠡᠷᠢ ᠥᠵᠠᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号