ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/9
     9 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠦᠨᠳᠦᠰᠦᠲᠡᠨ ᠤ ᠠᠵᠢᠯ᠂ ︽ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ︾᠂ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠶᠢᠨ ᠵᠣᠷᠢᠭ ᠰᠠᠨᠠᠭ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠲᠤᠬᠠᠢ ᠲᠣᠭᠲᠠᠭᠠᠯ ᠢ ᠤᠯᠠᠮᠵᠢᠯᠠᠨ ᠰᠤᠷᠤᠯᠴᠠᠵᠤ ᠰᠦᠯᠵᠢᠶᠡᠨ ᠤ ᠠᠮᠤᠷ ᠲᠦᠪᠰᠢᠨ ᠤ ᠬᠤᠯᠪᠣᠭᠳᠠᠯ ᠪᠦᠬᠦᠢ ᠮᠡᠳᠡᠯᠭᠡ ᠶᠢ ᠰᠤᠷᠤᠯᠴᠠᠪᠠ᠃ ᠬᠤᠷᠠᠯ ᠲᠡᠭᠡᠷ᠎ᠡ ᠵᠧᠵᠢᠶᠠᠩ ᠤᠨ ᠴᠠᠭᠳᠠᠭᠠᠨ ᠤ ᠲᠡᠭᠡᠳᠤ ᠰᠤᠷᠭᠠᠭᠤᠯᠢ ᠶᠢᠨ ᠫᠷᠤᠹᠧᠰᠰᠤᠷ ᠲᠡᠰ ᠤᠨ ᠥᠨᠳᠤᠷ ᠵᠡᠷᠭᠡ ᠶᠢᠨ ᠢᠨᠵᠧᠨᠧᠷ᠂ ᠵᠧᠵᠢᠶᠠᠩ ᠤᠨ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠲᠡᠰ ᠤᠨ ᠰᠤᠷᠭᠠᠭᠴᠢ ᠰᠢᠶᠠᠩ ᠵᠧᠨ ᠮᠤᠤ ᠶᠢ ᠤᠨᠴᠠᠭᠠᠶᠢᠯᠠᠨ ᠤᠷᠢᠵᠤ ᠰᠦᠯᠵᠢᠶᠡᠨ ᠤ ᠣᠷᠣᠨ ᠵᠠᠢ ᠶᠢᠨ ᠠᠮᠤᠷ ᠲᠦᠪᠰᠢᠨ ᠤ ᠪᠠᠶᠢᠳᠠᠯ᠂ ᠨᠢᠭᠤᠴᠠ ᠶᠢ ᠬᠠᠮᠠᠭᠠᠯᠠᠬᠤ ᠠᠰᠠᠭᠤᠳᠠᠯ ᠵᠡᠷᠭᠡ ᠲᠠᠯ᠎ᠠ ᠪᠠᠷ ᠬᠢᠴᠢᠶᠡᠯ ᠶᠠᠷᠢᠭᠤᠯᠤᠭᠰᠠᠨ ᠪᠠᠶᠢᠨ᠎ᠠ᠃
     ᠡᠷᠳᠡᠨᠢᠪᠢᠯᠢᠭ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ ᠪᠦᠷᠢᠯᠭᠡᠨ ᠰᠥᠢᠳᠭᠡᠭᠦ ᠰᠤᠷᠳᠠᠯ ᠢ ᠬᠤᠷᠢᠭᠯᠠᠬᠤ ᠶᠢᠨ ᠴᠢᠬᠤᠯᠠ ᠴᠢᠨᠠᠷ ᠢ ᠲᠠᠨᠢᠨ ︽ᠳᠥᠷᠪᠡᠨ ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠣᠶ ᠪᠤᠯᠭᠠᠨ ᠠᠷᠪᠢᠯᠠᠨ ᠭᠠᠮᠨᠠᠬᠤ ᠶᠢ ᠴᠢᠩᠭ᠎ᠠ ᠠᠳᠬᠤᠵᠤ  ᠪᠦᠷᠢᠯᠭᠡᠨ ᠰᠥᠢᠳᠭᠡᠭᠦ ᠶᠢ ᠡᠰᠠᠷᠭᠦᠴᠠᠭᠦ ᠭᠡᠷᠡᠭᠳᠠᠢ᠃ ᠢᠳᠡᠭᠡᠨ ᠤᠮᠳᠠᠭᠠᠨ ᠢ ᠪᠦᠷᠢᠯᠭᠡᠬᠦ ᠶᠢ ᠬᠤᠷᠢᠭᠯᠠᠬᠤ ᠠᠵᠢᠯ ᠢ ᠭᠦᠨᠵᠡᠭᠡᠶ ᠠᠬᠢᠭᠤᠯᠵᠤ ᠡᠳᠦᠷ ᠲᠤᠲᠤᠮ ᠤᠨ ᠤᠬᠠᠭᠤᠯᠭ᠎ᠠ᠂ ᠬᠥᠮᠦᠵᠢᠯ᠂ ᠬᠠᠮᠢᠶᠠᠷᠤᠯᠲᠠ ᠶᠢ ᠴᠢᠩᠭᠠᠳᠬᠠᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠲᠡᠭᠡᠭᠰᠢᠯᠠᠭᠦᠯᠵᠤ ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠯᠴᠠᠭ᠎ᠠ ᠶᠢ ᠪᠠᠶᠢᠭᠤᠯᠤᠨ ᠲᠠᠭᠦᠯᠳᠡᠷᠵᠢᠭᠦᠯᠭᠦ ᠬᠡᠷᠡᠭᠲᠡᠶ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠲᠤᠭᠤᠰᠢᠯᠠᠭᠤᠯᠤᠨ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠳᠤᠷ ᠭᠢᠭᠦ ᠭᠡᠷᠡᠭᠳᠠᠢ ᠃ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠵᠦ ᠥᠨᠳᠤᠰᠤᠳᠠᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠵᠤ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠦ ᠭᠡᠷᠡᠭᠳᠠᠢ ᠭᠡᠵᠡᠢ᠃
     ᠡᠷᠳᠡᠨᠢᠪᠢᠯᠢᠭ ᠱᠠᠭᠠᠷᠳᠠᠬᠤ ᠳᠤ ᠪᠠᠨ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠤᠨ ᠣᠯᠠᠨ ᠲᠦᠮᠡᠨ ᠤ ᠲᠤᠰᠬᠠᠯ ᠴᠢᠩᠭ᠎ᠠ ᠠᠰᠠᠭᠤᠳᠠᠯ ᠢ ᠴᠠᠭ ᠲᠤᠬᠠᠶ  ᠳᠤ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠢ ᠪᠠᠶᠢᠭᠤᠯᠵᠤ ᠠᠵᠤ ᠠᠬᠤᠶᠢᠯᠠᠯ ᠳᠤ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ ᠠᠷᠠᠯᠵᠢᠶᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠲᠤᠪᠤᠶᠢᠯᠭᠠᠨ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠷ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠭᠥᠴᠤᠨ ᠨᠠᠮᠠᠷᠢᠯᠠᠭᠦ ᠭᠡᠷᠡᠭᠳᠠᠢ᠃ ᠰᠦᠯᠵᠢᠶᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭᠠᠲᠤ ᠨᠢᠭᠡᠴᠢ ᠂ ᠰᠦᠯᠵᠢᠶᠡᠨ ᠤ ᠠᠮᠤᠷ ᠲᠦᠪᠰᠢᠨ ᠤ ᠲᠤᠬᠠᠢ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠤᠨ ᠰᠦᠯᠵᠢᠶᠡᠨ ᠤ ᠠᠮᠤᠷ ᠲᠦᠪᠰᠢᠨ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠭᠡᠷᠡᠭᠳᠠᠢ ᠭᠡᠵᠡᠢ᠃      ᠡᠷᠳᠡᠨᠢᠪᠢᠯᠢᠭ ︽ᠬᠤᠤᠰ ᠪᠠᠶᠠᠷ︾ ᠤᠨ ᠬᠤᠭᠤᠴᠠᠭᠠᠨ ᠤ ᠵᠢᠵᠢᠭᠦᠷᠯᠡᠬᠦ᠂ ᠠᠮᠤᠷ ᠲᠦᠪᠰᠢᠨ ᠤ ᠲᠠᠯᠳᠠ ᠭᠡᠮ  ᠢ ᠪᠠᠶᠢᠴᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠡᠮ ᠤᠨ ᠵᠥᠢᠯ ᠵᠠᠷᠭᠡ ᠠᠵᠢᠯ ᠢ ᠴᠢᠩᠭᠠᠳᠬᠠᠬᠤ ᠲᠠᠯ᠎ᠠ ᠪᠠᠷ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ ᠲᠠᠷᠠ ᠱᠠᠭᠠᠷᠳᠠᠬᠤ ᠳᠤ ᠪᠠᠨ᠂ ᠪᠦᠬᠦ ᠬᠤᠰᠢᠭᠤ ᠪᠠᠷ ᠢᠶᠠᠨ ᠠᠶᠤᠯᠭᠦᠶ ᠥᠢᠯᠡᠳᠪᠤᠷᠢᠯᠠᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠳᠤᠯᠠᠨ ︽ᠬᠤᠣᠰ ᠪᠠᠶᠠᠷ︾ ᠤᠨ ᠬᠤᠭᠤᠴᠠᠭᠠᠨ ᠤ ᠰᠠᠬᠢᠯᠭ᠎ᠠ ᠪᠠᠲᠤ ᠶᠢ ᠴᠢᠩᠭᠠᠳᠬᠠᠨ ︽ᠳᠥᠷᠪᠡᠨ ᠰᠤᠷᠲᠠᠯ︾  ᠢ ᠡᠰᠠᠷᠭᠦᠴᠠᠨ ︽ᠪᠠᠶᠠᠷ ᠤᠨ ᠡᠳᠦᠷ ᠤᠨ ᠢᠯᠵᠠᠷᠠᠯ︾ ᠢ ᠰᠡᠷᠭᠡᠶᠢᠯᠡᠨ ᠬᠤᠷᠢᠭᠯᠠᠵᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠤᠯᠤᠰ ᠤᠨ ᠪᠠᠶᠠᠷ᠂ ᠲᠡᠷᠭᠡᠯ ᠰᠠᠷᠠᠨ ᠤ ᠪᠠᠶᠠᠷ ᠤᠨ ᠡᠳᠦᠷ  ᠤᠨ ᠬᠤᠭᠤᠴᠠᠭᠠᠨ ᠤ ᠡᠶ᠎ᠡ ᠵᠣᠬᠢᠴᠠᠯ ᠲᠠᠢ᠂ ᠠᠮᠤᠷ ᠲᠦᠪᠰᠢᠨ᠂ ᠲᠣᠭᠲᠠᠭᠤᠨ ᠨᠠᠶᠢᠭᠡᠮ ᠤᠨ ᠣᠷᠴᠢᠨ ᠢ ᠪᠤᠢ ᠪᠤᠯᠭᠠᠬᠤ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号