ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠤᠯ ᠳᠤᠭᠤᠢᠢᠯᠠᠩ ᠤᠨ 2020 ᠤᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/9
     ᠤᠢᠢᠷ᠎ᠡ ᠶᠢᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠯᠭ᠎ᠠ ᠶᠢᠨ ᠭᠤᠤᠯ ᠳᠤᠭᠤᠢᠢᠯᠠᠩ ᠤᠨ 2020 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠵᠡᠷᠬᠡ ᠬᠤᠰᠢᠭᠤ ᠲᠦᠷᠪᠡᠨ ᠶᠡᠭᠡ ᠤᠳᠤᠷᠢᠤᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ᠂ ᠡᠯ᠎ᠠ ᠰᠤᠮᠤ ᠪᠠᠯᠭᠠᠰᠤ᠂ ᠬᠤᠯᠪᠤᠭᠳᠠᠯ ᠪᠥᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ  ᠳᠤ ᠤᠷᠤᠯᠴᠠᠪᠠ᠃
     ᠬᠤᠷᠠᠯ ᠠᠴᠠ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠬᠠᠨ ᠴᠢᠩ ᠰᠢᠶᠠᠩ ᠢ ᠤᠷᠢᠵᠤ ︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠭᠡᠬᠦ ᠨᠣᠮ ᠤᠨ ᠭᠤᠷᠪᠠᠳᠤᠭᠠᠷ ᠪᠤᠳᠢ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ᠃      ᠬᠤᠷᠠᠯ ᠠᠴᠠ ︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠭᠡᠬᠦ ᠨᠣᠮ ᠤᠨ ᠭᠤᠷᠪᠠᠳᠤᠭᠠᠷ ᠪᠤᠳᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠬᠤᠶᠠᠷ ᠶᠡᠭᠡ ᠲᠠᠯ᠎ᠠ ᠠᠴᠠ ᠪᠤᠳᠤᠯᠬᠢᠯᠠᠵᠤ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠤ ᠪᠦᠬᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠨᠠᠮ ᠪᠠ ᠤᠯᠤᠰ ᠤᠨ ᠠᠵᠢᠯ ᠦᠢᠯᠡᠰ ᠤᠨ ᠲᠠᠰᠤᠷᠠᠯᠲᠠ ᠤᠢᠭᠡᠢ ᠰᠢᠨ᠎ᠡ ᠴᠢᠬᠤᠯᠠ ᠠᠬᠢᠯᠲᠠ ᠲᠠᠢ ᠪᠣᠯᠬᠤ ᠠᠭᠤᠤ ᠶᠡᠭᠡ ᠦᠢᠯᠡᠳᠦᠯᠭᠡ ᠶᠢ ᠲᠡᠮᠳᠡᠭᠯᠡᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ ᠮᠠᠨ ᠤ ᠨᠠᠮ ᠤᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠦᠵᠡᠬᠦᠯᠦᠭᠰᠡᠨ ᠤᠶᠤᠨ ᠤᠬᠠᠭᠠᠨ ᠤ ᠲᠥᠰᠦᠯ ᠢ ᠭᠦᠢᠴᠡᠳ ᠢᠯᠡᠷᠡᠭᠦᠯᠵᠡᠢ ᠭᠡᠵᠤ ᠵᠢᠭᠠᠵᠤ ᠭᠠᠷᠭᠠᠪᠠ᠃
     ᠬᠤᠷᠠᠯ ᠠᠴᠠ ︽ᠰᠢ ᠶᠢᠨ ᠫᠢᠩ ᠤᠨ ᠲᠦᠷᠦ ᠶᠢ ᠵᠠᠰᠠᠬᠤ ᠲᠤᠬᠠᠢ︾ ᠭᠡᠬᠦ ᠨᠣᠮ ᠤᠨ ᠭᠤᠷᠪᠠᠳᠤᠭᠠᠷ ᠪᠤᠳᠢ ᠶᠢ ᠰᠤᠷᠤᠯᠴᠠᠬᠤ ᠪᠣᠯ ᠪᠢᠳᠡᠨ ᠤ ᠣᠳᠣᠬᠠᠨ ᠤ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠵᠤ ︽ᠰᠢ ᠶᠢᠨ ᠫᠢᠩ ᠤᠨ ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠣᠲᠢ ᠶᠢᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯ ᠢ ᠪᠣᠳᠠᠲᠠᠶ ᠰᠠᠶᠢᠳᠤᠷ ᠠᠳᠬᠤᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠯᠭ᠎ᠠ ᠶᠢᠨ ᠭᠤᠤᠯ ᠳᠤᠭᠤᠶᠢᠯᠠᠩ ︽ᠰᠢ ᠶᠢᠨ ᠫᠢᠩ ᠤᠨ ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠣᠳᠢ ᠶᠢ ᠴᠢᠬᠤᠯᠠ ᠰᠤᠷᠤᠯᠴᠠᠬᠤ ᠠᠭᠤᠯᠭ᠎ᠠ ᠪᠠᠨ ᠪᠤᠯᠭᠠᠵᠤ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠭᠦᠨᠵᠡᠭᠡᠶ ᠰᠡᠳᠬᠢᠨ ᠰᠤᠷᠤᠯᠴᠠᠵᠤ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠷᠤᠯᠴᠠᠵᠤ᠂ ᠤᠯᠤᠰ ᠲᠦᠷᠦ ᠶᠢᠨ ᠴᠢᠳᠠᠪᠤᠷᠢ ᠪᠠ ᠤᠨᠤᠯ ᠤᠨ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠤᠭ ᠵᠣᠬᠢᠶᠠᠯ ᠢ ᠤᠩᠰᠢᠵᠤ᠂ ᠤᠭ ᠵᠣᠬᠢᠶᠠᠯ ᠢ ᠰᠤᠷᠤᠯᠴᠠᠨ᠂ ᠤᠭ ᠶᠣᠰᠣ ᠶᠢ ᠤᠬᠠᠵᠤ᠂ ᠵᠠᠩᠭᠢᠯᠠᠭ᠎ᠠ ᠶᠢᠨ ᠴᠥᠭᠡᠨ ᠲᠣᠭᠠᠲᠠᠨ ᠤ ᠳᠠᠭᠤᠷᠢᠶᠠᠯ ᠦᠵᠡᠭᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠷᠪᠠᠨ ᠬᠤᠷᠠᠯ ᠨᠢᠭᠡ ᠬᠢᠴᠢᠶᠡᠯ᠂ ᠭᠤᠤᠯ ᠰᠡᠳᠦᠪᠲᠦ ᠨᠠᠮ ᠤᠨ ᠡᠳᠦᠷᠯᠢᠭ ᠵᠡᠷᠭᠡ ᠰᠤᠷᠤᠯᠴᠠᠯᠭ᠎ᠠ ᠶᠢᠨ ᠠᠴᠢᠶᠠᠯᠠᠪᠤᠷᠢ ᠳᠤ ᠲᠦᠰᠢᠭᠯᠡᠨ ᠡᠯ᠎ᠡ ᠲᠥᠷᠥᠯ ᠤᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠬᠦ ᠬᠡᠷᠡᠭᠲᠡᠶ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠰᠢ ᠶᠢᠨ ᠫᠢᠩ ᠤᠨ ᠲᠥᠷᠥ ᠶᠢ ᠵᠠᠰᠠᠬᠤ ᠲᠤᠬᠠᠶ︾ ᠭᠡᠬᠦ ᠨᠣᠮ ᠤᠨ ᠭᠤᠷᠪᠠᠳᠤᠭᠠᠷ ᠪᠣᠳᠢ ᠪᠠ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢ ᠨᠢᠭᠡᠨ ᠪᠦᠬᠦᠯᠢ ᠴᠣᠭᠴᠠ ᠪᠣᠯᠭᠠᠨ ᠰᠤᠷᠤᠯᠴᠠᠵᠤ ᠡᠷᠡᠰ ᠭᠤᠶᠢᠪᠢᠰᠢ ᠦᠭᠡᠢ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠢ ᠬᠠᠮᠠᠭᠠᠯᠠᠬᠤ ᠶᠢ ᠦᠢᠯᠡᠳᠦᠯᠭᠡᠵᠢᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃                  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号