ᠮᠠᠨ ᠤ ᠬᠤᠰᠢᠭᠤ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢᠨ ᠰᠢᠷᠢᠰ ᠠᠵᠢᠯᠯᠠᠭ᠎ᠠ ᠵᠢᠴᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠢ ᠬᠤᠷᠠᠯᠳᠤᠭᠤᠯᠤᠯ᠎ᠠ
ᠨᠡᠶᠢᠲᠡᠯᠡᠭᠰᠡᠨ ᠴᠠᠭ᠄
2020/10/9
     ᠣᠶᠢᠷ᠎ᠠ ᠶᠢᠨ ᠡᠳᠣᠷ᠂ ᠮᠠᠨ ᠤ ᠬᠤᠰᠢᠭᠤᠨ ᠤ ᠤᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢᠨ ᠰᠢᠷᠢᠰ ᠠᠵᠢᠯᠯᠠᠭ᠎ᠠ ᠵᠢᠴᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠬᠤᠰᠢᠭᠤ ᠵᠠᠰᠠᠭ ᠵᠠᠬᠢᠷᠭᠠᠨ‌‍ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠥᠪᠥᠷ ᠮᠣᠩᠭᠤᠯ ᠤᠨ ᠤᠯᠠᠭᠠᠨᠮᠥ᠋ᠴᠢᠷ ᠤᠨ ᠰᠣᠳᠣᠯᠭᠠᠨ ᠤ ᠨᠡᠶᠢᠭᠡᠮᠯᠢᠭ ᠤᠨ ᠳᠠᠷᠤᠭ᠎ᠠ ᠵᠢᠷᠭᠠᠯ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠯᠲᠠᠨᠲᠤᠶᠠᠭ᠎ᠠ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠪᠤᠯᠤᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠢᠴᠢ ᠬᠤᠰᠢᠭᠤ ᠤᠯᠠᠭᠠᠨᠮᠥ᠋ᠴᠢᠷ ᠤᠨ ᠠᠬᠠᠮᠠᠳ ᠵᠠᠯᠠᠭᠤ ᠲᠣᠭᠯᠠᠭᠴᠢ᠂ ᠤᠷᠠᠯᠢᠭᠴᠢᠳ ᠬᠤᠷᠠᠯ ᠳᠤ ᠣᠷᠣᠯᠴᠠᠪᠠ᠃
     ᠰᠠᠭᠤᠳᠠᠯ ᠤᠨ ᠬᠤᠷᠠᠯ ᠳᠡᠭᠡᠷ᠎ᠡ᠂ ᠮᠠᠨ ᠤ ᠬᠤᠰᠢᠭᠤᠨ ᠤ ᠣᠯᠠᠭᠠᠨᠮᠦ᠋ᠴᠢᠷ ᠤᠨ ᠠᠬᠠᠮᠠᠳ ᠳᠣᠭᠯᠠᠭᠴᠢᠳ ᠠᠴᠠ 60 ᠵᠢᠯ ᠤᠨ ᠲᠤᠷᠰᠢᠬᠢ ᠤᠯᠠᠭᠠᠨᠮᠥ᠋ᠴᠢᠷ ᠤᠨ ᠠᠵᠢᠯ ᠣᠶᠢᠯᠡᠰ ᠤᠨ ᠳᠤᠮᠳᠠᠬᠢ ᠦᠯᠢᠭᠡᠷ ᠣᠴᠢᠷ ᠢᠶᠠᠨ ᠡᠷᠬᠢᠴᠡᠭᠦᠯᠣᠨ ᠳᠣᠭᠠᠴᠠᠵᠣ ᠥᠪᠥᠷ ᠮᠣᠩᠭᠤᠯ ᠤᠨ ᠤᠯᠠᠭᠠᠨᠮᠥ᠋ᠴᠢᠷ ᠤᠨ ᠨᠡᠶᠢᠭᠡᠮᠯᠢᠭ ᠤᠨ ᠳᠠᠷᠤᠭ᠎ᠠ ᠵᠢᠷᠭᠠᠯ ᠠᠴᠠ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠬᠡᠷᠬᠢᠨ ᠦᠷᠭᠦᠯᠵᠢᠯᠡᠨ ᠤᠯᠠᠮᠵᠢᠯᠠᠨ ᠪᠠᠳᠠᠷᠠᠭᠤᠯᠬᠤ ᠲᠤᠬᠠᠶ ᠳᠠᠶᠠᠭᠠᠷ ᠲᠠᠢ ᠰᠠᠨᠠᠯ ᠪᠣᠳᠣᠯ ᠢᠶᠠᠨ ᠰᠣᠯᠢᠯᠴᠠᠭᠰᠠᠨ ᠤ ᠬᠠᠮᠲᠣ ᠮᠠᠨ ᠤ ᠬᠤᠰᠢᠭᠤᠨ ᠤ ᠤᠯᠠᠭᠠᠨᠮᠥ᠋ᠴᠢᠷ ᠤᠨ ᠬᠠᠷᠢᠭᠤᠴᠠᠯᠭᠠᠲᠠᠨ ᠠᠴᠠ ᠡᠨᠡ ᠵᠢᠯ ᠤᠨ ᠤᠯᠠᠭᠠᠨᠮᠥ᠋ᠴᠢᠷ ᠤᠨ ᠠᠵᠢᠯ ᠣᠶᠢᠯᠡᠰ ᠤᠨ ᠲᠤᠬᠠᠶ ᠬᠠᠷᠢᠭᠤ ᠮᠡᠳᠡᠭᠦᠯᠦᠯᠲᠡ ᠬᠢᠯ᠎ᠡ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠨᠢ ᠤᠬᠠᠭᠤᠯᠭ᠎ᠠ ᠰᠣᠷᠲᠠᠯᠴᠢᠯᠠᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠣᠯᠡᠮ ᠰᠠᠶᠢᠳᠣᠷ ᠣᠬᠠᠭᠤᠯᠵᠣ ᠰᠢᠨ᠎ᠡ ᠶᠢ ᠡᠬᠦᠳᠣᠭ᠍ᠰᠡᠨ ᠤᠳᠬ᠎ᠠ ᠣᠷᠠᠯᠢᠭ ᠤᠨ ᠰᠢᠯᠢᠳᠡᠭ ᠪᠦᠳᠣᠭᠡᠯ ᠢᠶᠠᠷ ᠨᠠᠮ᠂ ᠨᠠᠶᠢᠬᠡᠮ ᠵᠢᠷᠣᠮ᠂ ᠣᠯᠠᠨ ᠳᠦᠮᠡᠨ ᠳᠤ ᠣᠶᠢᠯᠡᠴᠢᠯᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠡᠷᠭᠡ ᠭᠤᠤᠯ ᠰᠡᠳᠦᠪ ᠲᠠᠢ ᠨᠢᠭᠲᠠ ᠤᠶᠠᠯᠳᠤᠭᠤᠯᠵᠤ ᠣᠯᠠᠨ ᠲᠦᠮᠡᠨ ᠤ ᠠᠮᠢᠳᠤᠷᠠᠯ ᠤᠨ ᠬᠦᠰᠡᠯ ᠡᠷᠡᠮᠡᠯᠵᠡᠯ ᠢ ᠤᠳᠬ᠎ᠠ ᠣᠷᠠᠯᠢᠭ ᠤᠨ ᠵᠣᠬᠢᠶᠠᠨ ᠪᠦᠲᠦᠭᠡᠯᠭᠡ ᠳᠤ ᠪᠠᠨ ᠠᠮᠢᠳᠣᠯᠢᠭ ᠢᠶᠠᠷ ᠠᠭᠤᠰᠬᠠᠨ ᠣᠯᠠᠨ ᠲᠦᠮᠡᠨ  ᠳᠤ ᠲᠠᠭᠠᠰᠢᠶᠠᠭᠳᠠᠭᠰᠠᠨ ᠤᠯᠠᠮᠵᠢᠯᠠᠯᠲᠤ ᠴᠢᠨᠠᠷ᠂ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ ᠢ ᠣᠷᠭᠠᠨᠢᠭ ᠢᠶᠠᠷ ᠨᠢᠭᠡᠳᠦᠭᠦᠯᠦᠭᠰᠡᠨ ᠰᠢᠯᠢᠳᠡᠭ ᠪᠦᠲᠦᠭᠡᠯ ᠢ ᠭᠠᠷᠭᠠᠬᠤ ᠭᠡᠷᠡᠭᠳᠡᠢ᠃ ᠣᠯᠠᠭᠠᠨᠮᠦ᠋ᠴᠢᠷ ᠨᠢ ᠮᠠᠯᠵᠢᠬᠤ ᠲᠠᠷᠢᠶᠠᠯᠠᠬᠤ ᠣᠷᠣᠨ᠂ ᠭᠠᠴᠠᠭ᠎ᠠ ᠲᠣᠰᠬᠤᠨ ᠢᠶᠠᠷ ᠭᠦᠨᠵᠡᠭᠡᠶᠢᠷᠡᠨ ᠲᠦᠪᠯᠡᠷᠡᠭᠦᠯᠣᠭ᠍ᠰᠡᠨ ᠪᠣᠶᠣ ᠬᠤᠪᠢᠶᠠᠷᠢ ᠲᠠᠯᠠᠪᠠᠢ ᠶᠢᠨ ᠳᠣᠭᠯᠠᠯᠲᠠ ᠭᠠᠷᠭᠠᠵᠣ ᠣᠯᠠᠨ ᠶᠠᠩᠵᠤ ᠶᠢᠨ ᠰᠣᠶᠣᠯ ᠣᠷᠠᠯᠢᠭ  ᠤᠨ ᠳᠣᠭᠯᠠᠯᠲᠠ ᠪᠠᠷ ᠨᠠᠮ ᠵᠠᠰᠠᠭ ᠤᠨ ᠲᠥᠷᠥ ᠶᠢᠨ ᠪᠣᠳᠣᠯᠭ᠎ᠠ ᠪᠣᠯᠤᠨ ᠬᠠᠶᠢᠷ᠎ᠠ ᠬᠠᠯᠠᠮᠵᠢ ᠶᠢ ᠮᠠᠯᠴᠢᠨ ᠲᠠᠷᠢᠶᠠᠴᠢᠨ  ᠳᠤ ᠴᠠᠭ ᠲᠤᠬᠠᠶ ᠲᠤᠨᠢ ᠬᠦᠷᠭᠡᠨ ᠡᠯᠪᠡᠭ ᠪᠠᠶᠠᠯᠢᠭ ᠣᠶᠤᠨ ᠤ ᠬᠦᠨᠡᠰᠦ ᠶᠢ ᠬᠠᠩᠭᠠᠨ ᠬᠦᠷᠲᠡᠭᠡᠵᠣ ᠭᠡᠵᠢᠶᠠᠳᠡ ᠤᠭ ᠰᠠᠨᠠᠭ᠎ᠠ ᠪᠠᠨ ᠦᠯᠦ ᠮᠡᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠵᠤ ᠨᠣᠮᠢᠨ ᠲᠠᠩᠰᠤᠭ ᠦᠣᠰᠢᠨ ᠤ  ᠨᠤᠮᠢᠨ ᠲᠠᠩᠰᠤᠭ ᠭᠦᠭᠵᠢᠨ ᠮᠠᠨᠳᠣᠯᠳᠠ ᠳᠤ ᠰᠣᠶᠣᠯ ᠣᠷᠠᠯᠢᠭ ᠤᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号