ᠮᠠᠨ ᠤ ᠬᠤᠰᠢᠭᠤ 2020 ᠣᠨ ᠤ ᠤᠯᠤᠰ ᠤᠨ ᠪᠠᠶᠠᠷ ᠤᠨ ᠡᠳᠦᠷ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/10/9
     ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠪᠣᠯᠤᠨ ᠠᠷᠠᠳ ᠲᠥᠮᠡᠨ ᠤ ᠨᠠᠮ ᠪᠠ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠭᠥᠭᠵᠢᠭᠡᠵᠤ ᠬᠠᠮᠲᠤ ᠶᠢᠨ ᠲᠠᠨᠢᠯᠲᠠ ᠪᠠᠨ ᠨᠢᠭᠡᠳᠭᠡᠨ ᠬᠦᠴᠦᠨ ᠴᠢᠳᠠᠯ ᠢᠶᠠᠨ ᠨᠢᠭᠳᠠᠷᠠᠭᠤᠯᠬᠤ ᠶᠢᠨ ᠲᠥᠯᠥᠭᠡ 10 ᠰᠠᠷ᠎ᠠ ᠶᠢᠨ 1 ᠤ ᠡᠳᠦᠷ᠂ ᠮᠠᠨ ᠤ ᠬᠤᠰᠢᠭᠤ 2020 ᠣᠨ ᠤ ᠤᠯᠤᠰ ᠤᠨ ᠪᠠᠶᠠᠷ ᠤᠨ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠪᠣᠯᠤᠨ ᠬᠤᠰᠢᠭᠤ ᠰᠢᠶᠠᠨ ᠤ ᠲᠡᠰ ᠤᠨ ᠪᠦᠬᠦ ᠤᠳᠤᠷᠢᠳᠤᠯᠭ᠎ᠠ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃
     ᠥᠷᠯᠥᠭᠡ ᠶᠢᠨ 8 ᠴᠠᠭ 30 ᠮᠢᠨᠦ᠋ᠲ ᠲᠤ᠂ ᠲᠤᠭ ᠮᠠᠨᠳᠤᠭᠤᠯᠬᠤ ᠶᠣᠰᠣᠯᠠᠯ ᠵᠢᠩᠬᠢᠨᠢ ᠪᠠᠷ ᠡᠬᠢᠯᠡᠵᠦ ᠰᠦᠷ ᠵᠢᠪᠬᠤᠯᠠᠩᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠲᠠᠭᠤᠨ ᠤ ᠲᠤᠮᠳᠠ ᠲᠠᠪᠤᠨ ᠣᠳᠣᠲᠤ ᠤᠯᠠᠭᠠᠨ ᠲᠤᠭ ᠠᠯᠭᠤᠷ ᠮᠠᠨᠳᠤᠨ ᠤᠯᠠᠨ ᠢᠶᠠᠷ ᠢᠶᠠᠨ ᠤᠯᠤᠰ ᠤᠨ ᠲᠤᠭ ᠢ ᠰᠢᠷᠳᠡᠵᠤ ᠡᠬᠡ ᠤᠯᠤᠰ ᠲᠠᠭᠠᠨ ᠬᠠᠮᠤᠭ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃
     ᠲᠤᠭ ᠮᠠᠨᠳᠤᠭᠤᠯᠬᠤ ᠶᠣᠰᠣᠯᠠᠯ ᠳᠠᠭᠤᠰᠤᠭᠰᠠᠨ ᠤ ᠳᠠᠷᠠᠭ᠎ᠠ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠴᠢᠬᠤᠯᠠ ᠶᠠᠷᠢᠶ᠎ᠠ ᠲᠠᠯᠪᠢᠵᠤ ᠵᠢᠭᠠᠬᠤ ᠳᠤ ᠪᠠᠨ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠳᠠᠯᠠᠨ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ ᠴᠢᠬᠤᠯᠠ ᠶᠡᠭᠡ ᠰᠢᠯᠭᠠᠯᠲᠠ ᠶᠢ ᠪᠦᠲᠦᠮᠵᠢᠲᠡᠶ ᠲᠤᠭᠤᠯᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠣᠰ ᠢᠯᠠᠯᠲᠠ︾ ᠶᠢ ᠲᠡᠮᠡᠴᠡᠨ ᠣᠯᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠤᠨ ᠢᠯᠡᠷᠭᠡᠢ ᠳᠠᠪᠠᠭᠤᠯᠢᠭ ᠢ ᠳᠠᠬᠢᠨᠲᠠ ᠢᠯᠡᠷᠡᠭᠦᠯᠵᠦ ᠪᠦᠬᠦ ᠤᠯᠤᠰ ᠤᠨ ᠦᠨᠳᠦᠰᠦᠲᠡᠨ ᠨᠥᠭᠦᠳ ᠤᠨ ᠠᠷᠠᠳ ᠲᠦᠮᠡᠨ ᠤ ᠢᠲᠡᠭᠡᠯ ᠵᠣᠷᠢᠭ᠂ ᠨᠢᠭᠲᠠᠷᠠᠯ ᠤᠨ ᠬᠦᠴᠦᠨ ᠢ ᠴᠢᠩᠭᠠᠷᠠᠭᠤᠯᠪᠠ᠃ ᠪᠢᠳᠡ ︽ᠳᠥᠷᠪᠡᠨ ᠤᠬᠠᠮᠰᠠᠷ︾ ᠢ ᠪᠠᠲᠤ ᠪᠣᠶ ᠪᠤᠯᠭᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠤᠨ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠲᠣᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠪᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠪᠠᠷ ᠭᠥᠴᠤᠯᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠠᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠵᠥᠪ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠲᠡᠦᠬᠡ ᠶᠢᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠶ ᠪᠣᠯᠭᠠᠬᠤ ᠶᠢ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠨ ᠰᠠᠶᠢᠨ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ ᠰᠠᠷᠠᠭᠤᠯ ᠰᠠᠶᠢᠬᠠᠨ ᠢᠷᠡᠭᠡᠳᠦᠢ ᠶᠢ ᠬᠠᠮᠲᠤ ᠪᠠᠷ ᠴᠤᠭᠴᠠᠯᠠᠬᠤ ᠭᠡᠷᠡᠭᠳᠠᠢ ᠭᠡᠵᠡᠢ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠡᠷᠭᠢᠯᠠᠭᠦ ᠶᠢᠨ ᠬᠠᠮᠳᠤ ᠶᠠᠷᠢᠶ᠎ᠠ ᠲᠠᠯᠪᠢᠪᠠ᠃      ᠶᠣᠰᠣᠯᠠᠯ ᠤᠨ ᠳᠠᠷᠠᠭ᠎ᠠ᠂ ᠠᠬᠤᠶ ᠲᠠᠯᠠᠪᠠᠶ ᠶᠢᠨ 2200 ᠭᠠᠷᠤᠶ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠪᠣᠯᠤᠨ ᠰᠤᠷᠤᠭᠴᠢᠳ ︽ᠡᠬᠡ ᠤᠯᠤᠰ ᠢᠶᠠᠨ ᠮᠠᠭᠲᠠᠨ ᠳᠠᠭᠤᠯᠠᠵᠠᠭᠠᠶ᠎ᠠ︾ ᠭᠡᠭᠦ ᠲᠠᠭᠤᠤ ᠶᠢ ᠬᠠᠮᠳᠤ ᠪᠠᠷ ᠲᠠᠭᠤᠯᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 71 ᠵᠢᠯ ᠤᠨ ᠣᠶ  ᠳᠤ ᠬᠠᠮᠤᠭ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠳᠬᠡᠵᠡᠶ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号