ᠮᠠᠨ ᠤ ᠬᠤᠰᠢᠭᠤᠨ ᠤ 2020 ᠤᠨ ᠤ ︽ᠮᠠᠯᠴᠢᠨ ᠲᠠᠷᠢᠶᠠᠴᠢᠳ ᠡᠯᠪᠡᠭ ᠬᠤᠷᠢᠶᠠᠯᠳᠡ ᠶᠢᠨ ᠪᠠᠶᠠᠷ ᠢ ᠪᠡᠯᠭᠡᠯᠡᠭᠦ︾ ᠰᠢᠷᠢᠰ ᠠᠵᠢᠯᠯᠠᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2020/10/9
      9 ᠰᠠᠷ᠎ᠠ ᠶᠢᠨ 29 ᠤ ᠡᠳᠤᠷ᠂ ᠮᠠᠨ ᠤ ᠬᠤᠰᠢᠭᠤᠨ ᠤ 2020 ᠤᠨ ᠤ ︽ᠮᠠᠯᠴᠢᠨ ᠲᠠᠷᠢᠶᠠᠴᠢᠳ ᠡᠯᠪᠡᠭ ᠬᠤᠷᠢᠶᠠᠯᠳᠡ ᠶᠢᠨ ᠪᠠᠶᠠᠷ ᠢ ᠪᠡᠯᠭᠡᠯᠡᠭᠦ︾ ᠰᠢᠷᠢᠰ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠤᠯᠠᠭᠠᠨᠳᠤᠯᠭᠠᠢ ᠪᠠᠯᠭᠠᠰᠤᠨ ᠤ ᠪᠠᠶᠠᠨᠭᠤᠤᠯ ᠭᠠᠴᠠᠭᠠᠨ ᠳᠠᠬᠢ ᠤᠩᠭᠤᠨ ᠮᠠᠩᠬ᠎ᠠ ᠤᠯᠣᠰ ᠤᠨ ᠲᠠᠰ ᠤᠨ ᠡᠯᠡᠰᠤᠨ ᠴᠦᠯ ᠤᠨ ᠴᠡᠴᠡᠷᠯᠢᠭ ᠲᠤ ᠶᠠᠪᠤᠭᠳᠠᠪᠠ᠃ ᠬᠤᠰᠢᠭᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠠᠳ᠋ ᠲᠠᠷᠤᠭ᠎ᠠ ᠵᠠᠩ ᡁᠢ ᠰᠢᠦ᠋ᠩ᠂ ᠤᠯᠠᠭᠠᠨᠳᠤᠯᠤᠭᠠᠢ ᠪᠠᠯᠭᠠᠰᠤᠨ ᠤ ᠬᠠᠷᠢᠭᠤᠴᠠᠯᠭᠠᠳᠠᠳ ᠪᠤᠯᠤᠨ ᠮᠠᠯᠴᠢᠨ ᠲᠠᠷᠢᠶᠠᠴᠢᠨ᠂ ᠡᠯ᠎ᠡ ᠭᠠᠵᠠᠷ ᠠᠴᠠ ᠢᠷᠡᠭᠰᠡᠨ ᠵᠢᠭᠤᠯᠴᠢᠯᠠᠭᠰᠠᠳ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃
     ᠡᠬᠢᠯᠡᠯᠳᠡ ᠶᠢᠨ ᠶᠤᠰᠤᠯᠠᠯ ᠳᠤ ᠮᠠᠰᠢᠨ ᠲᠡᠷᠭᠡᠨ ᠤ ᠲᠤᠭᠤᠶᠢᠯᠠᠩ᠂ ᠶᠠᠪᠠᠭᠠᠨ ᠠᠯᠬᠤᠬᠤ ᠲᠤᠭᠤᠶᠢᠯᠠᠩ᠂ ᠪᠦᠭᠡᠴᠢᠳ ᠤᠨ ᠲᠤᠭᠤᠶᠢᠯᠡᠩ᠂ ᠰᠤᠷᠴᠢᠳ ᠤᠨ ᠲᠤᠭᠤᠶᠢᠯᠠᠩ᠂ ᠤᠶᠠᠭᠠᠴᠢᠳ ᠤᠨ ᠲᠤᠭᠤᠶᠢᠯᠠᠩ ᠵᠡᠷᠭᠡ ᠲᠦᠯᠥᠭᠡᠯᠡᠭᠴᠢᠳ ᠤᠨ ᠪᠦᠯᠭᠦᠮ ᠢᠳᠡᠷᠡᠭᠦᠨ ᠠᠯᠬᠤᠭ᠎ᠠ ᠪᠠᠷ ᠲᠠᠯᠠᠪᠠᠢ ᠳᠤ ᠤᠷᠤᠭᠰᠠᠨ ᠪᠠᠶᠢᠨ᠎ᠠ᠃      ᠡᠬᠢᠯᠡᠯᠳᠡ ᠶᠢᠨ ᠶᠤᠰᠤᠯᠠᠯ ᠲᠡᠭᠡᠷ᠎ᠡ ᠬᠤᠰᠢᠭᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠠᠴᠠ ᠦᠤᠰᠢᠨ ᠬᠤᠰᠢᠭᠤᠨ ᠤ 2020 ᠤᠨ ᠤ ︽ᠮᠠᠯᠴᠢᠨ ᠲᠠᠷᠢᠶᠠᠴᠢᠳ ᠤᠨ ᠡᠯᠪᠡᠭ ᠬᠤᠷᠢᠶᠠᠯᠳᠡ ᠶᠢᠨ ᠪᠠᠶᠠᠷ ᠢ ᠪᠡᠯᠭᠡᠯᠡᠭᠦ︾ ᠰᠢᠷᠢᠰ ᠠᠵᠢᠯᠯᠠᠭ᠎ᠠ ᠡᠬᠢᠯᠡᠭᠦ ᠶᠢ ᠵᠡᠷᠯᠡᠪᠡ᠃
     ᠵᠠᠩ ᡁᠢ ᠰᠢᠦ᠋ᠩ ᠪᠠᠶᠠᠷ ᠤᠨ ᠦᠭᠡ ᠬᠡᠯᠡᠬᠦ ᠳᠡᠭᠡᠨ᠂ ᠨᠠᠮᠤᠷ ᠤᠨ ᠣᠯᠠᠷᠢᠯ ᠪᠤᠯᠵᠦ ᠮᠠᠯᠴᠢᠨ ᠲᠠᠷᠢᠶᠠᠴᠢᠨ ᠡᠯᠡᠪᠡᠭ ᠬᠤᠷᠢᠶᠠᠯᠳᠠ ᠪᠠᠨ ᠪᠠᠶᠠᠷᠯᠠᠨ ᠬᠤᠷᠢᠶᠠᠵᠠᠭᠠᠵᠦ ᠪᠠᠶᠢᠳᠠᠭ ᠃ ᠡᠨᠡ ᠵᠢᠯ ᠠᠴᠠ ᠨᠠᠰᠢ᠂ ᠪᠦᠬᠦ ᠬᠤᠰᠢᠭᠤᠨ ᠤ ᠲᠡᠭᠡᠳᠤ ᠲᠤᠤᠷᠠᠳᠤ ᠱᠠᠳᠤᠨ ᠤ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠰᠢᠨ᠎ᠡ ᠦᠷ᠎ᠡ ᠪᠦᠲᠦᠮᠵᠢ ᠣᠯᠵᠤ ᠠᠵᠤ ᠦᠢᠯᠡᠰ ᠤᠨ ᠬᠦᠭᠵᠢᠯᠳᠡ ᠰᠢᠨ᠎ᠡ ᠠᠬᠢᠴᠠ ᠲᠠᠢ ᠪᠤᠯᠵᠤ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠭᠰᠡᠨ ᠪᠠᠶᠢᠨ᠎ᠠ᠃ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠪᠠ ᠡᠵᠡᠨ ᠬᠥᠮᠦᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ ᠬᠥᠳᠡᠭᠡ ᠲᠣᠰᠬᠤᠨ ᠤ ᠴᠢᠳᠠᠪᠤᠷᠢᠲᠠᠨ ᠤ ᠬᠦᠴᠦᠨ ᠢ ᠬᠥᠭᠵᠢᠭᠡᠨ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠤᠶᠢᠯᠡᠳᠪᠤᠷᠢᠯᠠᠯ ᠢᠶᠠᠨ ᠬᠥᠭᠵᠢᠭᠦᠯᠬᠦ᠂ ᠬᠡᠷ ᠣᠷᠣᠨ ᠢᠶᠠᠨ ᠪᠥᠲᠥᠭᠡᠨ ᠪᠠᠶᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠨ᠎ᠠ᠃ ᠰᠢᠨ᠎ᠡ ᠮᠡᠷᠭᠡᠵᠢᠯ᠂ ᠰᠢᠨ᠎ᠡ ᠮᠡᠳᠡᠭᠡ ᠵᠠᠩᠭᠢ᠂ ᠰᠢᠨ᠎ᠡ ᠬᠠᠮᠢᠶᠠᠷᠤᠯᠲᠠ ᠶᠢ ᠮᠠᠯᠵᠢᠬᠤ ᠲᠠᠷᠢᠶᠠᠯᠠᠬᠤ ᠣᠷᠣᠨ ᠳᠤ ᠤᠷᠤᠭᠤᠯᠵᠤ ᠮᠠᠯᠴᠢᠨ ᠲᠠᠷᠢᠶᠠᠴᠢᠨ  ᠢ ᠬᠠᠪᠰᠤᠷᠤᠨ ᠥᠷᠲᠡᠭ ᠢ ᠡᠭᠦᠳᠦᠨ ᠥᠷᠲᠡᠭ ᠢ ᠳᠡᠭᠡᠭᠰᠢᠯᠡᠭᠦᠯᠵᠦ ᠰᠣᠶᠣᠯ ᠤᠨ ᠬᠦᠭᠵᠢᠯᠳᠡ ᠶᠢ ᠬᠥᠭᠵᠢᠭᠦᠯᠤᠨ ᠬᠥᠳᠡᠯᠮᠦᠷᠢ ᠪᠦᠷᠢ ᠶᠢ ᠤᠯᠤᠯᠳᠠ ᠲᠠᠢ  ᠪᠣᠯᠭᠠᠵᠤ ᠪᠦᠬᠦ ᠨᠡᠶᠢᠭᠡᠮ ᠳᠤ ᠮᠠᠯ ᠲᠠᠷᠢᠶᠠᠯᠠᠩ ᠠᠵᠤ ᠠᠬᠤᠶ ᠪᠣᠯ ᠡᠷᠡᠮᠡᠯᠵᠡᠯ ᠲᠠᠢ ᠠᠵᠤ ᠤᠶᠢᠯᠡᠰ ᠭᠡᠳᠡᠭ ᠢ ᠮᠡᠳᠡᠷᠡᠭᠦᠯᠬᠦ ᠬᠡᠷᠡᠭᠲᠡᠢ᠃ ᠮᠠᠯᠴᠢᠨ ᠲᠠᠷᠢᠶᠠᠴᠢᠨ ᠪᠣᠯ ᠲᠠᠲᠠᠬᠤ ᠬᠦᠴᠦᠨ ᠲᠠᠢ ᠠᠵᠢᠯ ᠲᠥᠷᠥᠯ ᠮᠥᠨ᠂ ᠮᠠᠯᠵᠢᠬᠤ ᠲᠠᠷᠢᠶᠠᠯᠠᠬᠤ ᠣᠷᠣᠨ ᠪᠣᠯ ᠠᠮᠤᠷ ᠲᠠᠶᠢᠪᠤᠩ ᠠᠵᠤ ᠲᠦᠷᠦᠭᠦ ᠦᠵᠡᠰᠬᠦᠯᠡᠩᠲᠦ ᠰᠠᠶᠢᠬᠠᠨ ᠭᠡᠷ ᠣᠷᠣᠨ ᠮᠥᠨ ᠭᠡᠵᠡᠢ᠃
     ᠡᠨᠡ ᠤᠳᠠᠭᠠᠨ ᠤ ᠠᠵᠢᠯᠯᠠᠭᠠᠨ ᠳᠤ ᠤᠷᠠᠨ ᠰᠠᠶᠢᠬᠠᠨ ᠤ ᠲᠤᠭᠯᠠᠯᠳᠡ᠂ ᠮᠠᠯ ᠤᠨ ᠠᠰᠢᠭ ᠰᠢᠮ᠎ᠠ ᠶᠢᠨ ᠦᠢᠯᠡᠳᠬᠦᠨ ᠲᠠᠷᠢᠶᠠᠯᠠᠩ ᠤᠨ ᠪᠦᠳᠤᠭᠡᠭᠳᠡᠭᠦᠨ ᠤ ᠰᠢᠯᠭᠠᠷᠠᠭᠤᠯᠤᠯᠳᠠ᠂ ᠤᠴᠠᠯᠢᠭᠳᠤ ᠪᠦᠳᠤᠭᠡᠭᠳᠡᠭᠦᠨ ᠤ ᠲᠡᠯᠭᠡᠨ ᠪᠤᠷᠤᠯᠠᠭᠤᠯᠤᠯᠳᠠ᠂ ᠮᠠᠰᠢᠨ ᠲᠡᠷᠭᠡᠨ ᠤ ᠡᠯᠡᠰᠤ ᠮᠠᠩᠬᠠᠨ ᠳᠤ ᠭᠡᠭᠡᠷᠯᠡᠨ ᠲᠠᠪᠬᠢᠬᠤ ᠤᠷᠤᠯᠳᠤᠭᠠᠨ᠂ ᠡᠷ᠎ᠡ ᠶᠢᠨ ᠭᠤᠷᠪᠠᠨ ᠨᠠᠭᠠᠳᠤᠮ᠂ ᠰᠦᠯᠵᠢᠶᠠᠨ ᠤᠳᠤᠳ ᠰᠢᠭᠤᠳ ᠨᠡᠪᠳᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠶᠠᠪᠤᠭᠳᠠᠭᠤᠯᠵᠤ  ᠬᠤᠷᠠᠭᠰᠠᠨ ᠤᠯᠠᠨ ᠤ ᠰᠡᠳᠬᠢᠯ ᠢ ᠪᠠᠶᠠᠰᠬᠠᠭᠰᠠᠨ ᠪᠠᠶᠢᠨ᠎ᠠ᠃      ᠡᠨᠡ ᠤᠳᠠᠭᠠᠨ ᠤ ᠠᠵᠢᠯᠯᠠᠭ᠎ᠠ ᠨᠢ ᠦᠨᠳᠤᠰᠤᠳᠡᠨ ᠤ ᠰᠤᠶᠤᠯ ᠢ ᠤᠯᠠᠮᠵᠢᠯᠠᠨ ᠵᠠᠯᠭᠠᠮᠵᠢᠯᠠᠵᠣ ᠰᠤᠶᠤᠯ ᠤᠨ ᠤᠶᠢᠯᠡᠰ ᠤᠨ ᠬᠦᠭᠵᠢᠯᠳᠡ ᠶᠢ ᠠᠬᠢᠭᠤᠯᠤᠨ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠢᠶᠠᠷ ᠮᠠᠯ ᠲᠠᠷᠢᠶᠠᠯᠠᠩ ᠠᠵᠤ ᠠᠬᠤᠢ ᠶᠢ ᠬᠦᠭᠵᠢᠭᠦᠯᠦᠭᠰᠡᠨ ᠦᠷ᠎ᠡ ᠪᠦᠳᠤᠭᠡᠯ ᠢ ᠲᠡᠯᠭᠡᠨ ᠦᠵᠡᠭᠦᠯᠬᠦ ᠶᠢᠨ ᠬᠠᠮᠳᠤ ᠮᠠᠯᠴᠢᠨ ᠲᠠᠷᠢᠶᠠᠴᠢᠨ ᠤ ᠨᠦᠭᠦᠷᠯᠡᠯ ᠢ ᠪᠠᠳᠤᠳᠬᠠᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠠᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号