ᠮᠠᠨ ᠤ ᠬᠤᠰᠢᠭᠤ 2020 ᠣᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/10/9
     9 ᠰᠠᠷ᠎ᠠ ᠶᠢᠨ 30 ᠤ ᠡᠳᠦᠷ ᠪᠣᠯ ᠤᠯᠤᠰ ᠠᠴᠠ ᠲᠤᠭᠳᠠᠭᠠᠭᠰᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠤᠨ᠎ᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 71 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠪᠠᠲᠤ ᠴᠡᠭᠡᠵᠢᠯᠠᠨ ᠡᠬᠡ ᠣᠷᠣᠨᠴᠢ ᠦᠵᠡᠯ  ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ ᠮᠠᠨ ᠤ ᠬᠤᠰᠢᠭᠤ ᠲᠠᠪᠴᠠᠭ ᠴᠡᠴᠡᠷᠯᠢᠭ ᠳᠠᠬᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠰᠤᠪᠤᠷᠭᠠᠨ ᠳᠤ 2020 ᠣᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠢ ᠶᠠᠪᠤᠭᠳᠠᠭᠤᠯᠤᠭᠰᠠᠨ ᠪᠠᠶᠢᠨ᠎ᠠ᠃
     ᠳᠠᠶᠠᠭᠠᠷ ᠢᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠲᠠᠭᠤᠤ︾ ᠶᠢ ᠲᠠᠭᠤᠯᠠᠵᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠥᠭᠡᠯᠡᠯᠲᠡ ᠪᠠ ᠪᠦᠳᠦᠭᠡᠨ ᠪᠠᠶᠢᠭᠤᠯᠤᠯᠲᠠ ᠶᠢᠨ ᠦᠢᠯᠡᠰ ᠲᠤ ᠡᠷᠬᠢᠮ ᠨᠠᠨᠳᠢᠨ ᠠᠮᠢ ᠨᠠᠰᠤ ᠪᠠᠨ ᠵᠤᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠭᠠᠰᠢᠭᠤᠳᠠᠬᠤ ᠰᠡᠳᠬᠢᠯᠭᠡ ᠪᠠᠨ ᠢᠯᠡᠳᠬᠡᠵᠡᠢ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠠᠴᠠ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠲᠠᠭᠤᠤ ᠶᠢ ᠬᠠᠮᠲᠤ ᠪᠠᠷ ᠳᠠᠭᠤᠯᠠᠵᠤ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ︽ᠡᠭᠡ ᠤᠯᠤᠰ ᠢᠶᠠᠨ ᠬᠠᠶᠢᠷᠠᠯᠠᠵᠤ ᠡᠩᠬᠡ ᠲᠠᠶᠢᠪᠤᠩ ᠢ  ᠭᠥᠭᠡᠴᠡᠯᠳᠤᠨ ᠭᠤᠶᠠᠴᠢ ᠥᠬᠡᠶ ᠪᠠᠷ ᠵᠢᠳᠭᠦᠨ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠤᠷᠢᠭᠤᠯᠬᠤ︾ ᠬᠦᠰᠡᠯ ᠰᠠᠨᠠᠭ᠎ᠠ ᠪᠠᠨ ᠢᠯᠡᠳᠭᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠲᠠᠶᠠᠭᠠᠷ ᠢ ᠲᠥᠯᠥᠭᠡᠯᠡᠨ ᠰᠠᠭᠰᠤᠳᠤ ᠴᠡᠴᠡᠭ ᠢ ᠲᠢᠭᠯᠡᠵᠤ ᠪᠥᠭᠦᠳᠡᠭᠡᠷ ᠢᠶᠠᠨ ᠦᠷᠡᠭᠳᠡᠭᠰᠡᠨ ᠪᠠᠭᠠᠲᠤᠷᠴᠤᠳ ᠢᠶᠠᠨ ᠪᠢᠰᠢᠷᠡᠨ ᠬᠦᠨᠳᠦᠳᠬᠡᠬᠦ ᠰᠡᠳᠬᠢᠯᠭᠡ ᠪᠠᠨ ᠢᠯᠡᠳᠭᠡᠭᠰᠠᠨ ᠪᠠᠶᠢᠨ᠎ᠠ᠃
     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ ᠵᠡᠷᠭᠡ ᠪᠥᠬᠦ ᠬᠤᠰᠢᠭᠤᠨ ᠤ ᠰᠢᠶᠠᠨ ᠤ ᠲᠠᠰ ᠤᠨ ᠤᠳᠤᠷᠢᠳᠤᠯᠭ᠎ᠠ᠂ ᠦᠷᠡᠭᠳᠡᠭᠰᠡᠨ ᠪᠠᠭᠠᠳᠤᠷᠴᠤᠳ ᠤᠨ ᠬᠡᠷ ᠪᠦᠯᠢ ᠶᠢᠨ ᠲᠥᠯᠥᠭᠡᠯᠡᠭᠴᠢ᠂ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠲᠥᠯᠥᠭᠡᠯᠡᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ᠂ ᠣᠯᠠᠨ ᠲᠦᠮᠡᠨ ᠤ ᠲᠥᠯᠥᠭᠡᠯᠡᠭᠴᠢ᠂ ᠪᠠᠶᠢᠭᠤᠯᠭ᠎ᠠ ᠶᠢᠨ ᠺᠠᠳ᠋ᠷᠴᠤᠳ ᠤᠨ ᠲᠥᠯᠥᠭᠡᠯᠡᠭᠴᠢ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠥᠯᠥᠭᠡᠯᠡᠭᠴᠢ ᠬᠠᠮᠲᠤ ᠪᠠᠷ ᠨᠡᠶᠢᠲᠡ ᠶᠢᠨ ᠲᠠᠬᠢᠯᠭ᠎ᠠ ᠶᠢᠨ ᠶᠣᠰᠣᠯᠠᠯ ᠳᠤ ᠣᠷᠣᠯᠴᠠᠪᠠ
     ᠣᠶᠢᠯᠠᠭᠠᠭᠰᠠᠨ ᠢᠶᠠᠷ᠂ 2014 ᠣᠨ ᠠᠴᠠ ᠨᠠᠰᠢ᠂ ᠮᠠᠨ ᠤ ᠬᠤᠰᠢᠭᠤ ᠨᠢᠭᠡᠨᠲᠡ 7 ᠵᠢᠯ ᠳᠠᠷᠠᠭᠠᠯᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠲᠤ ᠬᠠᠮᠢᠶ᠎ᠠ ᠪᠦᠬᠦᠢ ᠲᠤᠷᠠᠰᠬᠠᠯ ᠤᠨ ᠠᠵᠢᠯᠯᠠᠭ᠎ᠠ ᠵᠢᠴᠢ ᠬᠦᠮᠦᠵᠢᠯ ᠤᠨ ᠠᠵᠢᠯᠯᠭ᠎ᠠ ᠶᠢ ᠦᠷᠨᠢᠬᠦᠯᠵᠦ ᠡᠯ᠎ᠡ ᠵᠥᠢᠯ ᠤᠨ ᠭᠡᠯᠪᠠᠷᠢ ᠪᠠᠷ ᠳᠠᠮᠵᠢᠭᠤᠯᠤᠨ ᠨᠡᠶᠢᠭᠡᠮ ᠤᠨ ᠣᠯᠠᠨ ᠲᠦᠮᠡᠨ ᠳᠤ ᠦᠷᠡᠭᠳᠡᠭᠰᠡᠨ ᠪᠠᠭᠠᠲᠤᠷᠴᠤᠳ ᠤᠨ ᠥᠢᠯᠡ ᠠᠵᠢᠯᠯᠠᠭ᠎ᠠ ᠶᠢ ᠤᠬᠠᠭᠤᠯᠤᠨ ᠵᠣᠷᠢᠭ ᠰᠠᠨᠠᠭ᠎ᠠ ᠶᠢ ᠨᠢ ᠪᠠᠳᠠᠷᠠᠭᠤᠯᠵᠤ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠭᠥᠮᠤᠵᠢᠭᠦᠯᠥᠭᠰᠡᠭᠡᠷ ᠢᠷᠡᠭᠰᠠᠨ ᠪᠠᠶᠢᠨ᠎ᠠ᠃ ᠳᠣᠯᠣᠭᠠᠨ ᠵᠢᠯ ᠤᠨ ᠲᠤᠷᠰᠢ ᠮᠠᠨ ᠤ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷ᠂ ᠰᠤᠷᠭᠠᠭᠤᠯᠢ ᠶᠢᠨ ᠪᠠᠭᠰᠢ ᠰᠤᠷᠤᠭᠴᠢᠳ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠪᠠᠷᠤᠭ 13 ᠲᠦᠮᠡᠨ ᠬᠥᠮᠦᠨ ᠤᠳᠠᠭ᠎ᠠ ᠬᠤᠯᠪᠣᠭᠳᠠᠯ ᠪᠦᠬᠦᠢ ᠲᠤᠷᠠᠰᠬᠠᠯ ᠪᠠ ᠬᠥᠮᠦᠵᠢᠯ ᠤᠨ ᠠᠵᠢᠯᠯᠠᠭ᠎ᠠ ᠳᠤ ᠣᠷᠣᠯᠴᠠᠵᠤ ᠨᠠᠩ ᠤᠯᠠᠨ ᠬᠥᠮᠦᠰ ᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠤᠶᠢᠯᠠᠭᠠᠭᠤᠯᠤᠨ ᠡᠩᠬᠡ ᠲᠠᠶᠢᠪᠤᠩ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠭᠡᠳᠡᠭ ᠢ ᠲᠠᠨᠢᠭᠤᠯᠤᠭᠰᠠᠨ ᠪᠥᠭᠡᠳ ᠣᠯᠠᠨ ᠲᠦᠮᠡᠨ ᠤ ᠡᠬᠡ ᠣᠷᠣᠨᠴᠢ ᠦᠵᠡᠯ᠂ ᠨᠡᠶᠢᠲᠡᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠨᠡᠶᠢᠬᠡᠮ ᠵᠢᠷᠤᠮᠲᠤ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠦᠯᠬᠡᠵᠢᠬᠦᠯᠵᠦ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号