ᠪᠥᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠵᠢᠴᠢ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/9
    9 ᠰᠠᠷ᠎ᠠ ᠶᠢᠨ 28 ᠤ ᠡᠳᠦᠷ᠂ ᠪᠥᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠵᠢᠴᠢ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠭᠥᠭᠡᠬᠤᠳᠠ ᠳᠤ ᠬᠤᠷᠠᠯᠳᠤᠵᠤ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠷᠭᠡᠶᠢᠯᠠᠨ ᠡᠵᠡᠮᠳᠠᠭᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ‌‍ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ᠂ ᠢᠯᠠᠩᠭᠤᠶ᠎ᠠ ᠨᠠᠮᠤᠷ ᠡᠪᠦᠯ ᠤᠨ ᠤᠯᠠᠷᠢᠯ ᠤᠨ ᠬᠢᠵᠢᠭ‌‍ᠦᠨ ᠪᠠᠶᠢᠳᠠᠯ ᠢ ᠰᠠᠷᠭᠡᠶᠢᠯᠠᠨ ᠡᠵᠡᠮᠳᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠠᠨ ᠲᠢᠶᠠᠨ᠂ ᠬᠤᠰᠢᠭᠤ ᠤᠳᠤᠷᠢᠳᠤᠯᠭ᠎ᠠ ᠭᠤᠤ ᠬᠤ᠋᠂ ᠪᠠᠶᠠᠨᠴᠡᠩᠭᠡᠯ ᠪᠤᠯᠤᠨ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃     ᠬᠤᠷᠠᠯ ᠠᠴᠠ ᠴᠢᠬᠤᠯᠠᠴᠢᠯᠠᠭᠰᠠᠨ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ ᠢ ᠭᠦᠨᠵᠡᠭᠡᠶ ᠲᠠᠨᠢᠵᠤ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠠᠪᠴᠢᠨ ᠬᠢᠵᠢᠭ ᠢ ᠡᠰᠡᠷᠭᠦᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠳᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠤᠭᠢᠷᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠡᠯ᠎ᠡ ᠲᠥᠷᠤᠯ ᠤᠨ ᠠᠵᠢᠯ ᠢ ᠰᠠᠶᠢᠳᠤᠷ ᠭᠢᠭᠦ ᠭᠡᠷᠡᠭᠳᠠᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ ᠴᠢᠩᠭᠠᠳᠬᠠᠵᠤ ᠭᠤᠤᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠡᠷᠭᠡᠨ ᠥᠷᠳᠡᠭᠡ᠂ ᠤᠯᠠᠨ ᠨᠡᠶᠢᠲᠡ ᠶᠢᠨ ᠲᠠᠯᠠᠪᠤᠷ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠭᠡᠷᠡᠭᠳᠠᠢ᠃ ᠪᠣᠭᠤᠮᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠡᠬᠢ ᠡᠭᠦᠰᠦᠯ ᠠᠴᠠ ᠨᠢ ᠡᠵᠡᠮᠳᠡᠬᠦ ᠶᠢ ᠴᠢᠩᠭᠠᠳᠬᠠᠨ ᠬᠢᠯᠢ ᠠᠴᠠ ᠣᠷᠣᠵᠤ ᠢᠷᠡᠭᠰᠡᠨ ᠬᠥᠮᠦᠰ ᠤᠨ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ ᠶᠢ ᠰᠠᠶᠢᠳᠤᠷ ᠭᠢᠭᠦ ᠬᠡᠷᠡᠭᠲᠡᠶ᠃ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠠᠮᠠᠷᠠᠯᠲᠠ ᠶᠢᠨ ᠬᠤᠭᠤᠴᠠᠭᠠᠨ ᠤ ᠵᠢᠵᠢᠭᠦᠷᠯᠡᠨ ᠰᠠᠬᠢᠬᠤ ᠪᠠᠨ ᠴᠢᠩᠭᠠᠳᠬᠠᠨ ᠭᠤᠤᠯᠳᠠᠯᠭ᠎ᠠ ᠲᠠᠢ ᠴᠠᠭ᠂ ᠭᠠᠵᠠᠷ ᠣᠷᠣᠨ᠂ ᠲᠠᠯᠠᠪᠤᠷ᠂ ᠭᠤᠤᠯᠳᠠᠯᠭ᠎ᠠ ᠲᠠᠢ ᠬᠥᠮᠦᠰ ᠢ ᠢᠯᠡᠬᠦᠬᠡᠨ ᠠᠩᠬᠠᠷᠴᠤ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠬᠢᠵᠢᠭ ᠤᠨ ᠪᠠᠶᠢᠳᠠᠯ ᠳᠠᠬᠢᠨ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号