ᠮᠠᠨ ᠤ ᠬᠤᠰᠢᠭᠤᠨ ᠤ ᠡᠯᠡᠰᠦ ᠮᠠᠩᠬ᠎ᠠ ᠶᠢ ᠣᠶᠢᠵᠢᠭᠤᠯᠣᠭᠴᠢᠳ ︽ᠤᠮᠠᠷᠠᠲᠤ ᠬᠢᠯᠢ ᠶᠢᠨ ᠵᠢᠱᠢᠶᠡᠴᠢ︾ ᠬᠡᠬᠦ ᠢᠷᠠᠭᠤ ᠠᠯᠳᠠᠷ ᠤᠨ ᠴᠤᠯᠠ ᠶᠢ ᠬᠦᠷᠲᠠᠯ᠎ᠠ
ᠨᠡᠶᠢᠲᠡᠯᠡᠭᠰᠡᠨ ᠴᠠᠭ᠄
2020/10/9
     9 ᠰᠠᠷ᠎ᠠ ᠶᠢᠨ 29 ᠤ ᠡᠳᠤᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠨᠤᠮᠢᠨ ᠲᠠᠩᠰᠤᠭ ᠥᠥᠰᠢᠨ︾ ᠤ ᠡᠯᠡᠰᠦ ᠮᠠᠩᠬ᠎ᠠ ᠶᠢ ᠣᠶᠢᠵᠢᠭᠤᠯᠣᠭᠴᠢᠳ ᠤᠨ ᠲᠡᠷᠢᠭᠦᠨ ᠤ ᠤᠶᠢᠯᠠ ᠠᠵᠢᠯᠯᠠᠭ᠎ᠠ ᠶᠢ ᠨᠡᠶᠢᠲᠡᠯᠡᠬᠦ ᠬᠤᠷᠠᠯ ᠢ ᠬᠦᠬᠡᠬᠤᠲᠡ ᠳᠤ ᠬᠤᠷᠠᠯᠳᠤᠭᠤᠯᠵᠤ ᠲᠠᠳᠠᠨ ᠳᠤ ︽ᠤᠮᠠᠷᠠᠲᠤ ᠬᠢᠯᠢ ᠶᠢᠨ ᠵᠢᠱᠢᠶᠡᠴᠢ︾ ᠬᠡᠬᠦ ᠢᠷᠠᠭᠤ ᠠᠯᠳᠠᠷ ᠤᠨ ᠴᠣᠯᠠ ᠶᠢ ᠬᠦᠷᠲᠡᠭᠡᠯ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠲᠠᠷᠤᠭ᠎ᠠ ᠪᠠᠶ ᠢᠦᠢ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠭᠰᠠᠨ ᠪᠥᠭᠡᠳ ︽ᠨᠤᠮᠢᠨ ᠲᠠᠩᠰᠤᠭ ᠥᠥᠰᠢᠨ︾ ᠤ ᠡᠯᠡᠰᠦ ᠮᠠᠩᠬ᠎ᠠ ᠶᠢ ᠣᠶᠢᠵᠢᠭᠤᠯᠣᠭᠴᠢᠳ ᠲᠤ ︽ᠤᠮᠠᠷᠠᠲᠤ ᠬᠢᠯᠢ ᠶᠢᠨ ᠵᠢᠱᠢᠶᠡᠴᠢ︾ ᠶᠢᠨ ᠱᠠᠩᠨᠠᠯ ᠤᠨ ᠮᠧᠳᠠᠯ᠂ ᠦᠨᠡᠮᠯᠡᠯ ᠢ ᠭᠠᠷᠳᠠᠭᠤᠯᠵᠤ ᠬᠤᠳᠠ ᠶᠢᠨ ᠳᠡᠳ᠋ ᠳᠠᠷᠤᠭ᠎ᠠ ᠱᠢ ᠶᠠᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠴᠧᠨ ᠰᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠭᠰᠠᠨ ᠪᠥᠭᠡᠳ ︽ᠨᠤᠮᠢᠨ ᠲᠠᠩᠰᠤᠭ ᠥᠥᠰᠢᠨ︾  ᠤ ᠡᠯᠡᠰᠦ ᠮᠠᠩᠬ᠎ᠠ ᠶᠢ ᠣᠶᠢᠵᠢᠭᠤᠯᠣᠭᠴᠢᠳ ᠢ ᠲᠥᠯᠥᠭᠡᠯᠡᠨ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠮᠧᠳᠠᠯ ᠲᠤᠰᠴᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ ᠬᠤᠰᠢᠭᠤ ᠳᠡᠳ᠋ ᠳᠠᠷᠤᠭ᠎ᠠ ᠪᠠᠶᠠᠨᠴᠡᠩᠭᠡᠯ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠠᠶ᠃
     ᠬᠤᠷᠠᠯ ᠤᠨ ᠲᠤᠬᠠᠶ ᠶᠢᠨ ᠲᠠᠯᠠᠪᠠᠶ ᠳᠤ᠂ ︽ᠨᠤᠮᠢᠨ ᠲᠠᠩᠰᠤᠭ ᠥᠥᠰᠢᠨ︾ ᠤ ᠡᠯᠡᠰᠦ ᠮᠠᠩᠬ᠎ᠠ ᠶᠢ ᠣᠶᠢᠵᠢᠭᠤᠯᠣᠭᠴᠢᠳ ᠤᠨ ᠲᠡᠷᠢᠭᠦᠨ ᠤ ᠤᠶᠢᠯᠠ ᠠᠵᠢᠯᠯᠠᠭ᠎ᠠ ᠶᠢ ᠲᠡᠮᠳᠡᠭᠯᠡᠭᠰᠡᠨ ᠣᠬᠤᠷ ᠹᠢᠯᠢᠮ ᠢ ᠨᠡᠪᠲᠡᠷᠡᠭᠦᠯᠣᠨ ᠪᠤᠷᠤᠯᠳᠠᠢ᠂ ᠶᠢᠨ ᠢᠦᠢ ᠵᠧᠨ᠂ ᠶᠠᠨ ᠽᠢ ᠲᠤᠤ᠂ ᠴᠧᠨ ᠢᠤᠢ ᠴᠤᠸᠠᠨ ᠵᠡᠷᠭᠡ ᠡᠯᠡᠰᠦ ᠶᠢ ᠣᠶᠢᠵᠢᠭᠤᠯᠣᠨ ᠵᠠᠰᠠᠭᠰᠠᠨ ᠵᠢᠱᠢᠶᠠᠴᠢ ᠨᠠᠷ ᠤᠨ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠲᠥᠯᠥᠭᠡᠯᠡᠭᠴᠢ ᠲᠤᠬᠠᠶ ᠶᠢᠨ ᠲᠠᠯᠠᠪᠤᠷ ᠲᠤ ᠦᠣᠰᠢᠨ ᠨᠣᠳᠤᠭ ᠤᠨ ᠤᠯᠡᠨ ᠳᠦᠮᠡᠨ ᠤ ᠡᠯᠡᠰᠦ ᠮᠠᠩᠬ᠎ᠠ ᠶᠢ ᠵᠠᠰᠠᠵᠤ ᠣᠶᠢᠵᠢᠭᠤᠯᠤᠭᠰᠠᠨ ᠠᠮᠢᠳᠤᠯᠢᠭ ᠥᠯᠢᠭᠡᠷ ᠢ ᠶᠠᠷᠢᠪᠠ᠃
     ᠮᠤᠤᠠᠤᠰᠤ ᠶᠢᠨ ᠡᠯᠡᠰᠤᠨ ᠤ ᠦᠷᠣᠴᠡᠨ ᠳᠤ ᠪᠠᠶᠢᠷᠢᠰᠢᠭᠰᠠᠨ ᠮᠠᠨ ᠤ ᠬᠤᠰᠢᠭᠤ ᠰᠢᠨ᠎ᠡ ᠳᠤᠮᠳᠠᠳᠤ ᠤᠯᠤᠰ ᠪᠠᠶᠢᠭᠤᠯᠣᠭᠳᠠᠬᠤ ᠶᠢᠨ ᠡᠬᠢᠨ ᠤ ᠥᠶ᠎ᠠ ᠳᠤ ᠵᠥᠪᠬᠡᠨ 464 ᠮᠦ ᠲᠠᠷᠢᠮᠠᠯ ᠣᠢ ᠪᠣᠯᠤᠨ 1938 ᠰᠠᠭᠤᠷᠢ ᠮᠣᠳᠣ  ᠲᠠᠢ ᠪᠠᠶᠢᠵᠤ ᠲᠠᠴᠢᠷᠳᠠᠭᠰᠠᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠨᠢ ᠪᠦᠬᠦ ᠤᠯᠤᠰ ᠤᠨ ᠨᠤᠲᠤᠭ ᠳᠡᠪᠢᠰᠬᠡᠷ ᠤᠨ ᠶᠡᠷᠦᠩᠬᠡᠢ ᠲᠠᠯᠠᠪᠠᠢ ᠶᠢᠨ 90% ᠠᠴᠠ ᠳᠡᠭᠡᠭᠰᠢᠬᠢ ᠶᠢ ᠡᠵᠠᠯᠠᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ ᠵᠥᠪᠬᠡᠨ 2.6% ᠪᠠᠶᠢᠵᠠᠢ᠃ ᠡᠶᠢᠮᠤᠷᠭᠦ ᠬᠠᠲᠠᠭᠤ ᠪᠡᠷᠬᠡ ᠪᠠᠶᠢᠭᠠᠯᠢ ᠶᠢᠨ ᠣᠷᠴᠢᠨ ᠲᠣᠭᠤᠷᠢᠨ ᠤ ᠲᠣᠣᠷ᠎ᠠ ᠦᠶ᠎ᠡ ᠦᠶ᠎ᠡ ᠶᠢᠨ ᠦᠦᠰᠢᠨᠴᠤᠳ ᠭᠥᠴᠤ ᠬᠥᠯᠥᠰᠥ᠂ ᠠᠮᠢ ᠨᠠᠰᠤ ᠪᠠᠨ ᠦᠷᠡᠭᠳᠡᠭᠦᠯᠣᠨ ᠵᠢᠳᠭᠦᠯ ᠴᠢᠷᠮᠠᠶᠢᠯᠭ᠎ᠠ ᠪᠠᠨ ᠭᠠᠷᠭᠠᠵᠣ ᠮᠤᠤᠠᠤᠰᠤ ᠶᠢᠨ ᠡᠯᠡᠰᠣᠨ ᠴᠦᠯ ᠤᠨ ︽ᠨᠣᠮᠢᠨ ᠨᠣᠭᠤᠭᠠᠨ ᠳᠣᠣᠯᠢᠰ︾ ᠢ ᠪᠢᠴᠢᠭᠯᠡᠭᠰᠡᠨ ᠶᠣᠮ᠃ 2019 ᠣᠨ ᠤ ᠡᠴᠦᠰ ᠪᠣᠯᠲᠠᠯ᠎ᠠ ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 32.89% ᠬᠦᠷᠴᠦ ᠤᠷᠭᠤᠮᠠᠯ ᠤᠨ ᠪᠦᠷᠬᠦᠴᠡ ᠶᠢᠨ ᠭᠡᠮᠵᠢᠶ᠎ᠠ 80% ᠳᠤ ᠬᠦᠷᠤᠨ ᠤᠷᠢᠳ ᠬᠤᠵᠢᠳ ︽ᠭᠤᠷᠪᠠᠨ ᠤᠮᠠᠷᠠᠲᠤ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠢ︾᠂ ︽ᠪᠥᠬᠦ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶᠡᠴᠢ ᠰᠢᠶᠠᠨ︾᠂ ︽ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠰᠢᠭᠤ︾᠂ ︽ᠳᠤᠮᠳᠠᠳᠤ ᠤᠯᠤᠰ ᠤᠨ ᠪᠥᠬᠦ ᠲᠠᠯ᠎ᠠ ᠪᠠᠷ ᠴᠢᠨᠡᠭᠡᠯᠢᠭᠵᠢᠭᠰᠡᠨ ᠠᠮᠢ ᠠᠬᠤᠶ ᠶᠢᠨ ᠪᠣᠯᠪᠠᠰᠤᠨ ᠰᠢᠶᠠᠨ ︵ᠬᠤᠲᠠ︶︾᠂ ︽ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠳᠠᠭᠤᠷᠢᠶᠠᠯ ᠬᠤᠰᠢᠭᠤ︾᠂ ︽ᠪᠥᠬᠦ ᠤᠯᠤᠰ ᠤᠨ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠵᠢᠱᠢᠶᠡᠴᠢ ᠣᠷᠣᠨ︾᠂ ︽ᠤᠯᠤᠰ ᠤᠨ ᠴᠡᠴᠡᠷᠯᠢᠭᠵᠢᠭᠰᠡᠨ ᠰᠢᠶᠠᠨ ᠬᠤᠲᠠ︾᠂ ︽ᠪᠥᠬᠦ ᠤᠯᠤᠰ ᠤᠨ ᠰᠡᠯᠡᠭᠦᠴᠡᠯ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶᠡᠴᠢ ᠰᠢᠶᠠᠨ︾ ᠵᠡᠷᠭᠡ ᠢᠷᠠᠭᠤ ᠠᠯᠳᠠᠷ ᠢ ᠭᠥᠷᠳᠡᠭᠰᠠᠨ ᠪᠠᠶᠢᠨ᠎ᠠ᠃
     ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠦᠳᠣᠭᠡᠨ ᠪᠠᠶᠢᠭᠤᠯᠣᠯᠲᠠ ᠳᠤ ᠦᠣᠰᠢᠨᠴᠣᠣᠨ ᠬᠠᠷᠢᠯᠴᠠᠨ ᠬᠠᠪᠰᠣᠷᠣᠯᠴᠠᠨ ᠵᠣᠷᠢᠭᠲᠠᠶ ᠡᠷᠢᠯᠬᠢᠯᠡᠵᠣ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠣᠯᠲᠠ᠂ ᠰᠣᠶᠣᠯ ᠤᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠲᠠᠢ ᠣᠷᠭᠠᠨᠢᠭ ᠢᠶᠠᠷ ᠤᠶᠠᠯᠳᠤᠭᠤᠯᠵᠤ ︽ᠨᠤᠮᠢᠨ ᠲᠠᠩᠰᠤᠭ ᠥᠥᠰᠢᠨ︾ ᠤ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠤᠯᠭᠠᠨ ︽ᠡᠯᠡᠰᠦ ᠤᠷᠤᠭᠰᠢᠯᠠᠵᠤ ᠬᠥᠮᠦᠨ ᠤᠬᠤᠷᠢᠭᠰᠠᠨ︾ ᠠᠴᠠ ︽ᠬᠥᠮᠦᠨ ᠡᠯᠡᠰᠤ ᠡᠶ᠎ᠡ ᠵᠣᠬᠢᠴᠠᠯ ᠲᠠᠢ︾ ᠲᠠᠤᠭᠡ ᠶᠢᠨ ᠬᠤᠪᠢᠷᠠᠯᠲᠠ ᠶᠢ ᠪᠡᠶᠡᠯᠡᠭᠦᠯᠵᠦ ᠬᠥ᠋ ᠴᠢ ᠰᠢᠶᠠᠩ᠂ ᠪᠣᠷᠣᠯᠳᠠᠶ᠂ ᠶᠢᠨ ᠢᠤᠢ ᠵᠧᠨ᠂ ᠱᠧᠩ ᠸᠠᠨ ᠵᠥᠩ᠂ ᠤᠶᠤᠨᠰᠠᠴᠠᠨ ᠢᠶᠠᠷ ᠲᠥᠯᠥᠭᠡᠯᠡᠭᠦᠯᠦᠭᠰᠡᠨ ᠨᠢᠭᠡ ᠪᠦᠯᠦᠭ ᠡᠯᠡᠰᠦ ᠶᠢ ᠵᠠᠰᠠᠭᠰᠠᠨ ᠵᠢᠱᠢᠶᠠᠴᠢ ᠲᠠᠶᠢᠴᠢᠯᠠᠭᠴᠢ ᠴᠣᠯᠭᠤᠷᠠᠨ ᠭᠠᠷᠴᠤ ︽ᠨᠤᠮᠢᠨ ᠲᠠᠩᠰᠤᠭ ᠥᠥᠰᠢᠨ︾ ᠤ ᠰᠢᠨ᠎ᠡ ᠴᠠᠭ ᠦᠶ᠎ᠡ ᠳᠤ ︽ᠨᠤᠮᠢᠨ ᠲᠠᠩᠰᠤᠭ ᠭᠥᠭᠵᠢᠨ ᠮᠠᠨᠳᠤᠯᠳᠠ︾ ᠶᠢ ᠪᠠᠶᠠᠯᠠᠭᠦᠯᠭᠦ ᠳᠤ ᠪᠠᠲᠤ ᠪᠠᠬᠢ ᠠᠮᠢ ᠠᠬᠤᠶ ᠶᠢᠨ ᠰᠠᠭᠤᠷᠢ ᠶᠢ ᠲᠠᠯᠪᠢᠪᠠ᠃
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠰᠢᠭᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ ︽ᠨᠤᠮᠢᠨ ᠲᠠᠩᠰᠤᠭ ᠥᠥᠰᠢᠨ︾ ᠤ ᠵᠣᠷᠢᠭ ᠰᠠᠨᠠᠭ᠎ᠠ ᠶᠢ ᠲᠠᠰᠤᠷᠠᠯᠲᠠ ᠥᠬᠡᠶ ᠤᠯᠠᠮᠵᠢᠯᠠᠨ ᠪᠠᠳᠠᠷᠠᠭᠤᠯᠵᠤ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠦᠬᠦ ᠣᠷᠣᠨ ᠤ ᠡᠯ᠎ᠡ ᠦᠨᠳᠦᠰᠦᠲᠡᠨ ᠤ ᠣᠯᠠᠨ ᠲᠦᠮᠡᠨ᠂ ᠨᠠᠮ ᠤᠨ ᠭᠡᠰᠢᠭᠦᠨ᠂ ᠺᠠᠲᠠᠷᠴᠣᠣᠨ ᠠᠵᠢᠯᠳᠠᠳ ︽ᠨᠤᠮᠢᠨ ᠲᠠᠩᠰᠤᠭ ᠥᠥᠰᠢᠨ︾ ᠤ ᠡᠯᠡᠰᠦ ᠮᠠᠩᠬ᠎ᠠ ᠶᠢ ᠣᠶᠢᠵᠢᠭᠤᠯᠣᠭᠴᠢᠳ ᠤᠨ ᠦᠯᠢᠭᠡᠷ ᠲᠠᠭᠤᠷᠢᠶᠠᠯ ᠢ ᠰᠣᠷᠣᠯᠴᠠᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠬᠦᠴᠦᠨ ᠢᠶᠠᠨ ᠪᠠᠲᠤᠯᠠᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠤᠷᠤᠭᠰᠢᠯᠠᠵᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠥᠵᠠᠭᠦᠯᠭᠦ ᠶᠢ ᠤᠷᠢᠶᠠᠯᠠᠭᠰᠠᠨ ᠪᠠᠶᠢᠨ᠎ᠠ᠃    
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号