ᠤᠯᠠᠮᠵᠢᠯᠠᠯᠳᠤ ᠵᠤᠭᠠᠴᠠᠯ ᠰᠢᠨ᠎ᠡ ᠲᠦᠷᠦᠯ ᠢᠶᠠᠷ ᠵᠢᠭᠤᠯᠴᠢᠯᠠᠭᠰᠠᠳ ᠢ ᠤᠭᠳᠤᠯ᠎ᠠ
ᠨᠡᠶᠢᠲᠡᠯᠡᠭᠰᠡᠨ ᠴᠠᠭ᠄
2020/10/9
     ᠮᠠᠨ ᠤ ᠬᠤᠰᠢᠭᠤᠨ ᠤ ᠴᠠᠭᠠᠨ ᠰᠦᠯᠳᠡ ᠠᠮᠢ ᠠᠬᠤᠢ ᠰᠤᠶᠤᠯ ᠵᠢᠭᠤᠯᠴᠢᠯᠠᠯ ᠤᠨ ᠤᠷᠤᠨ ᠤᠯᠤᠰ ᠤᠨ ᠪᠠᠶᠠᠷ ᠤᠨ ᠠᠯᠳᠠᠨ ᠭᠠᠷᠠᠭ ᠤᠨ ᠵᠤᠭᠠᠴᠠᠯ ᠤᠨ ᠠᠰᠢᠭᠳᠠᠢ ᠲᠣᠬᠢᠶᠠᠯ ᠢ ᠠᠮᠵᠢᠵᠤ ᠵᠤᠭᠠᠴᠠᠯ ᠤᠨ ᠲᠥᠷᠥᠯ ᠢ ᠨᠡᠮᠡᠭᠳᠡᠬᠦᠯᠣᠨ ᠤᠯᠠᠮᠵᠢᠯᠠᠯᠳᠤ ᠬᠦᠳᠡᠭᠡ ᠨᠤᠲᠤᠭ ᠤᠨ ᠵᠤᠭᠠᠴᠠᠯ ᠢᠶᠠᠨ ᠲᠡᠰ ᠲᠡᠪᠰᠢᠬᠦᠯᠦᠯ᠎ᠡ᠃      ᠮᠠᠨ ᠤ ᠬᠤᠰᠢᠭᠤᠨ ᠤ ᠴᠠᠭᠠᠨ ᠰᠦᠯᠳᠡ ᠠᠮᠢ ᠠᠬᠤᠢ ᠰᠤᠶᠤᠯ ᠵᠢᠭᠤᠯᠴᠢᠯᠠᠯ ᠤᠨ ᠤᠷᠤᠨ ᠤᠯᠤᠰ ᠤᠨ ᠪᠠᠶᠠᠷ ᠤᠨ ᠠᠯᠳᠠᠨ ᠭᠠᠷᠠᠭ ᠤᠨ ᠵᠤᠭᠠᠴᠠᠯ ᠤᠨ ᠬᠦᠭᠵᠢᠶᠡᠨᠳᠦ ᠴᠠᠭ ᠬᠦᠷᠴᠦ ᠢᠷᠡᠬᠦ ᠶᠢ ᠲᠤᠬᠢᠶᠠᠯᠳᠤᠭᠤᠯᠤᠨ ᠰᠢᠨ᠎ᠡ ᠡᠷᠡᠨ ᠤ ᠤᠳᠤᠬᠢᠴᠢᠯᠠᠭᠰᠠᠨ ᠰᠡᠯᠡᠬᠦᠴᠡᠯ ᠨᠠᠭᠠᠳᠤᠮ ᠤᠨ ᠨᠢᠭᠡ ᠪᠣᠯᠬᠤ ᠤᠰᠤᠨ ᠳᠡᠭᠡᠷᠡᠬᠢ ᠭᠤᠷᠬᠢ ᠪᠦᠮᠪᠦᠭᠡ ᠶᠢᠨ ᠲᠦᠷᠦᠯ ᠵᠦᠢᠯ ᠢᠶᠠᠨ ᠠᠰᠢᠭᠯᠠᠯᠳᠠ ᠳᠤ ᠣᠷᠣᠭᠤᠯᠣᠯ᠎ᠠ᠃ ᠲᠡᠭᠡᠳᠦ ᠲᠡᠰ ᠤᠨ ᠰᠢᠨ᠎ᠡ ᠲᠥᠷᠥᠯ ᠵᠦᠢᠯ ᠢ ᠲᠠᠯ᠎ᠠ ᠨᠤᠳᠤᠭ ᠲᠤ ᠤᠷᠤᠭᠤᠯᠤᠭᠰᠠᠨ ᠠᠩᠬᠠᠨ ᠤ ᠵᠢᠱᠢᠶ᠎ᠡ ᠪᠣᠯᠣᠭᠰᠠᠨ ᠢᠶᠠᠷ ᠤᠯᠠᠨ ᠵᠢᠭᠤᠯᠴᠢᠯᠠᠭᠴᠢ ᠶᠢᠨ ᠠᠩᠬᠠᠷᠤᠯ ᠢ ᠲᠠᠲᠠᠵᠠᠢ᠃
     ᠵᠢᠭᠤᠯᠴᠢᠯᠠᠭᠴᠢ ᠨᠠᠨᠳᠢᠨ᠄ ︽ᠪᠢ ᠤᠤᠯ ᠨᠢ ᠭᠤᠷᠬᠢ ᠪᠦᠮᠪᠦᠭᠡ ᠶᠢ ᠲᠧᠯᠸᠢᠰ ᠠᠴᠠ ᠦᠵᠡᠵᠦ ᠪᠠᠶᠢᠭᠰᠠᠨ᠂  ᠦᠨᠦᠳᠦᠷ ᠨᠤᠳᠤᠭ ᠲᠤ ᠪᠠᠨ ᠤᠰᠤᠨ ᠳᠡᠭᠡᠷ᠎ᠡ ᠨᠠᠭᠠᠳᠬᠤ ᠭᠤᠷᠬᠢ ᠪᠦᠮᠪᠦᠭᠡ ᠶᠢ ᠨᠠᠭᠠᠳᠴᠤ ᠦᠵᠡᠯ᠎ᠡ᠂ ᠶᠡᠭᠡ ᠰᠠᠶᠢᠬᠠᠨ ᠪᠠᠶᠢᠨ᠎ᠠ︾ ᠭᠡᠪᠡ᠃      ᠡᠬᠦᠨ ᠠᠴᠠ ᠭᠠᠳᠠᠨ᠎ᠠ᠂ ᠲᠤᠰᠬᠠᠶᠢᠯᠠᠨ ᠪᠣᠶᠢᠳᠠ ᠪᠦᠭᠯᠡᠬᠦᠦ ᠭᠠᠵᠠᠷ ᠮᠤᠩᠭᠤᠯ ᠭᠡᠷ ᠪᠤᠰᠬᠠᠵᠤ ᠵᠢᠭᠤᠯᠴᠢᠯᠠᠭᠰᠠᠳ ᠲᠤ ᠭᠤᠤᠯ ᠤᠨ ᠤᠰᠤᠨ ᠠᠴᠠ ᠤᠰᠤ ᠲᠠᠮᠨᠠᠨ ᠴᠠᠢ ᠴᠢᠨᠠᠬᠤ᠂ ᠠᠷᠭᠠᠯ ᠲᠡᠬᠦᠬᠦ᠂ ᠮᠣᠷᠢ ᠤᠨᠤᠬᠤ ᠵᠡᠷᠬᠡ ᠨᠡᠬᠦᠳᠡᠯ ᠠᠮᠢᠳᠤᠷᠠᠯ ᠤᠨ  ᠪᠦᠬᠦᠶᠢᠯᠡ ᠶᠠᠪᠤᠴᠠ ᠶᠢ ᠪᠡᠶᠡᠴᠢᠯᠠᠨ ᠣᠶᠢᠯᠠᠭᠠᠬᠤ ᠲᠥᠷᠥᠯ ᠵᠦᠢᠯ ᠢᠶᠠᠨ ᠠᠰᠢᠭᠯᠠᠯᠳᠠ ᠳᠤ ᠣᠷᠣᠭᠤᠯᠵᠠᠢ᠃ ᠡᠨᠡ ᠨᠢ ᠬᠤᠳᠠ ᠶᠢᠨ ᠱᠤᠣᠬᠢᠶᠠᠨ ᠠᠴᠠ ᠵᠠᠶᠢᠳᠠᠵᠤ ᠬᠦᠳᠡᠭᠡ ᠶᠢᠨ ᠨᠠᠮ ᠰᠡᠯᠡᠬᠦᠬᠡᠨ ᠳᠤ ᠰᠡᠳᠬᠢᠯ ᠠᠮᠠᠷᠠᠭᠠᠬᠤ ᠬᠡᠰᠡᠨ ᠬᠦᠰᠡᠯ ᠲᠠᠢ ᠵᠢᠭᠤᠯᠴᠢᠯᠠᠭᠴᠢᠳ ᠤᠨ ᠲᠠᠭᠠᠰᠢᠶᠠᠯ ᠳᠤ ᠬᠦᠷᠴᠡᠢ᠃
     ᠵᠢᠭᠤᠯᠴᠢᠯᠠᠭᠴᠢ ᠳ᠋ᠠᠢ ᠴᠢᠦ ᠯᠠᠨ᠄ ︽ᠠᠩᠬ᠎ᠠ ᠤᠳᠠᠭ᠎ᠠ ᠠᠳᠡ ᠲᠤᠭᠤᠷᠢᠨ ᠵᠤᠭᠠᠴᠠᠭᠠᠳ ᠮᠠᠰᠢ ᠰᠠᠶᠢᠬᠠᠨ ᠪᠠᠶᠢᠨ᠎ᠠ᠃ ᠤᠷᠳᠤᠰ ᠬᠤᠲᠠ ᠶᠢᠨ ᠦᠤᠰᠢᠨ ᠤ ᠵᠤᠰᠠᠯᠠᠩ ᠤᠨ ᠠᠮᠢᠳᠤᠷᠠᠯ ᠮᠠᠨ ᠤ ᠲᠦᠩᠯᠢᠶᠤᠤ ᠬᠤᠲᠠ ᠶᠢᠨ ᠨᠠᠢᠮᠠᠨ ᠬᠤᠰᠢᠭᠤᠨ ᠤ ᠵᠤᠰᠠᠯᠠᠩ ᠤᠨ ᠠᠮᠢᠳᠤᠷᠠᠯ ᠲᠠᠢ ᠨᠡᠯᠢᠶᠡᠳ ᠵᠦᠷᠢᠶ᠎ᠡ ᠲᠠᠢ᠃ ᠠᠳᠡ ᠮᠤᠩᠭᠤᠯ ᠭᠡᠷ ᠲᠠᠢ᠂ ᠮᠠᠨ ᠤ ᠳᠡᠨᠳᠡ ᠪᠤᠯ ᠪᠠᠶᠢᠰᠢᠩ ᠤᠨ ᠬᠡᠯᠪᠡᠷᠢ ᠲᠠᠢ︾ ᠭᠡᠪᠡ᠃      ᠮᠠᠨ ᠤ ᠬᠤᠰᠢᠭᠤᠨ ᠤ ᠴᠠᠭᠠᠨ ᠰᠦᠯᠳᠡ ᠠᠮᠢ ᠠᠬᠤᠢ ᠰᠤᠶᠤᠯ ᠵᠢᠭᠤᠯᠴᠢᠯᠠᠯ ᠤᠨ ᠤᠷᠤᠨ ᠪᠣᠯ ᠴᠠᠭᠠᠨ ᠰᠦᠯᠳᠡ ᠶᠢᠨ ᠲᠠᠬᠢᠯᠭ᠎ᠠ᠂ ᠡᠷ᠎ᠡ ᠶᠢᠨ ᠭᠤᠷᠪᠠᠨ ᠨᠠᠭᠠᠳᠤᠮ᠂ ᠤᠷᠳᠤᠰ ᠬᠤᠷᠢᠮ ᠤᠨ ᠦᠵᠡᠬᠦᠯᠦᠯᠬᠡ᠂ ᠵᠢᠷᠤᠭ᠎ᠠ ᠮᠤᠷᠢᠨ ᠤ ᠦᠵᠡᠬᠦᠯᠦᠯᠬᠡ᠂ ᠮᠤᠩᠭᠤᠯ ᠬᠤᠪᠴᠠᠰᠤ ᠵᠠᠰᠠᠯ᠂ ᠮᠠᠯ ᠠᠵᠤ ᠠᠬᠤᠢ ᠵᠡᠷᠬᠡ ᠤᠯᠠᠨ ᠲᠦᠷᠦᠯ ᠤᠨ ᠰᠤᠶᠤᠯ ᠵᠤᠭᠠᠴᠠᠯ ᠢ ᠤᠶᠠᠯᠳᠤᠭᠤᠯᠤᠭᠰᠠᠨ ᠲᠦᠷᠪᠠᠨ A ᠲᠡᠰ ᠤᠨ ᠵᠢᠭᠤᠯᠴᠢᠯᠠᠯ ᠤᠨ ᠣᠷᠣᠨ ᠪᠠᠶᠢᠵᠤ 2019 ᠤᠨ ᠳᠤ 8 ᠲᠦᠮᠡ ᠭᠠᠷᠤᠢ ᠬᠦᠮᠦᠨ ᠤᠳᠠᠭᠠᠨ ᠤ ᠵᠢᠭᠤᠯᠴᠢᠯᠠᠭᠰᠠᠳ ᠢ ᠬᠦᠯᠢᠶᠡᠨ ᠠᠪᠴᠤ 500 ᠲᠦᠮᠡᠨ ᠲᠦᠬᠦᠷᠢᠭ ᠤᠨ ᠵᠤᠭᠠᠴᠠᠯ ᠤᠨ ᠤᠷᠤᠯᠭ᠎ᠠ ᠶᠢ ᠡᠬᠦᠳᠦᠭᠰᠡᠨ ᠶᠤᠮ᠃ ᠡᠨᠡ ᠤᠳᠠᠭ᠎ᠠ ᠲᠤᠰᠬᠠᠶᠢᠯᠠᠨ ᠤᠯᠠᠮᠵᠢᠯᠠᠯᠲᠤ ᠰᠤᠶᠤᠯ ᠪᠤᠯᠤᠨ ᠤᠳᠤᠬᠢᠴᠢᠯᠠᠭᠰᠠᠨ ᠰᠤᠶᠤᠯ ᠢ ᠤᠷᠭᠠᠨᠢᠭ ᠢᠶᠠᠷ ᠤᠶᠠᠯᠳᠤᠭᠤᠯᠵᠤ ᠲᠤᠰ ᠬᠤᠶᠠᠷ ᠲᠦᠷᠦᠯ ᠢ ᠨᠡᠮᠡᠭᠰᠡᠨ ᠪᠠᠶᠢᠨ᠎ᠠ᠃
     ᠦᠤᠰᠢᠨ ᠬᠤᠰᠢᠭᠤᠨ ᠤ ᠴᠠᠭᠠᠨ ᠰᠦᠯᠳᠡ ᠠᠮᠢ ᠠᠬᠤᠢ ᠰᠤᠶᠤᠯ ᠵᠢᠭᠤᠯᠴᠢᠯᠠᠯ ᠤᠨ ᠤᠷᠤᠨ ᠤ ᠲᠠᠭᠠᠭᠠᠮᠠᠯ ᠵᠢᠷᠭᠠᠯᠲᠤ᠄ ︽ᠵᠠᠬ᠎ᠠ ᠳᠡᠯᠬᠡᠬᠦᠷ ᠤᠨ ᠱᠠᠭᠠᠷᠳᠠᠯᠭ᠎ᠠ᠂ ᠰᠤᠶᠤᠯ ᠵᠤᠭᠠᠴᠠᠯ ᠢ ᠤᠶᠠᠯᠳᠤᠭᠤᠯᠬᠤ᠂ ᠦᠪᠡᠷᠮᠢᠴᠡ ᠤᠨᠴᠠᠯᠢᠭ ᠠᠴᠠ ᠪᠠᠨ ᠭᠠᠷᠳᠠᠵᠤ ᠰᠢᠨᠡᠴᠢᠯᠡᠭᠰᠡᠨ ᠶᠤᠮ᠃ ᠮᠠᠨ ᠤ ᠬᠢᠨ ᠨᠡᠬᠦᠳᠡᠯ ᠰᠤᠶᠤᠯ᠂ ᠲᠠᠯ᠎ᠠ ᠨᠤᠳᠤᠭ ᠤᠨ ᠰᠤᠶᠤᠯ᠂ ᠰᠦᠯᠳᠡ ᠶᠢᠨ ᠰᠤᠶᠤᠯ ᠤᠨ ᠤᠯᠠᠮᠵᠢᠯᠠᠯ ᠢ ᠤᠶᠠᠯᠳᠤᠭᠤᠯᠤᠭᠰᠠᠨ ᠵᠤᠭᠠᠴᠠᠯ ᠤᠨ ᠤᠷᠤᠨ ᠪᠤᠯᠬᠤᠷ ᠡᠳᠡᠬᠡᠷ ᠢᠶᠠᠨ ᠬᠡᠷᠭᠢᠨ ᠵᠢᠭᠤᠯᠴᠢᠯᠠᠭᠰᠠᠳ ᠲᠤ ᠪᠡᠶᠡᠴᠢᠯᠡᠨ ᠤᠶᠢᠯᠠᠭᠠᠭᠤᠯᠬᠤ᠂ ᠰᠡᠯᠡᠬᠦᠴᠡᠬᠦᠯᠬᠦ ᠱᠠᠭᠠᠷᠳᠠᠯᠭ᠎ᠠ ᠶᠢ ᠬᠠᠩᠭᠠᠬᠤ ᠭᠡᠰᠡᠨ ᠢ ᠪᠤᠳᠤᠯᠬᠢᠯᠠᠭᠠᠳ ᠰᠢᠨᠡᠴᠢᠯᠡᠭᠰᠡᠨ ᠶᠤᠮ︾ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号