ᠬᠤᠰᠢᠭᠤ ᠮᠤᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ᠳᠣᠯᠣᠳᠡᠬᠢ ᠤᠳᠠᠭᠠᠨ ᠤ ᠤᠯᠠᠮᠵᠢᠯᠠᠯᠲᠤ ᠲᠠᠮᠢᠷ ᠤᠷᠠᠯᠢᠭ ᠤᠨ ᠴᠤᠭᠯᠠᠭᠠᠨ ᠵᠢᠴᠢ ᠬᠤᠶᠠᠳᠠᠬᠢ ᠣᠳᠠᠭᠠᠨ ᠤ ︽ᠵᠠᠬᠢᠷᠣᠯ ᠬᠤᠨᠳᠠᠭᠠᠲᠣ︾ ᠰᠣᠷ ᠬᠠᠷᠪᠣᠬᠤ ᠮᠦᠷᠦᠶᠢᠴᠡᠭᠡᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2020/10/9
   9 ᠰᠠᠷ᠎ᠠ ᠶᠢᠨ 30 ᠤ ᠡᠳᠦᠷ᠂ ᠬᠤᠰᠢᠭᠤ ᠮᠤᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ ᠳᠣᠯᠣᠳᠡᠬᠢ ᠤᠳᠠᠭᠠᠨ ᠤ ᠤᠯᠠᠮᠵᠢᠯᠠᠯᠲᠤ ᠲᠠᠮᠢᠷ ᠤᠷᠠᠯᠢᠭ ᠤᠨ ᠴᠤᠭᠯᠠᠭᠠᠨ ᠵᠢᠴᠢ ᠬᠤᠶᠠᠳᠠᠬᠢ ᠣᠳᠠᠭᠠᠨ ᠤ ︽ᠵᠠᠬᠢᠷᠣᠯ ᠬᠤᠨᠳᠠᠭᠠᠲᠣ︾ ᠰᠣᠷ ᠬᠠᠷᠪᠣᠬᠤ ᠮᠦᠷᠦᠶᠢᠴᠡᠭᠡᠨ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃    ᠰᠣᠷᠭᠠᠭᠤᠯᠢ ᠶᠢᠨ ᠰᠣᠷ ᠬᠠᠷᠪᠣᠬᠤ ᠳᠠᠰᠬᠠᠯᠵᠢᠭᠤᠯᠣᠭᠴᠢ ᠪᠠᠷ ᠣᠷᠢᠭᠳᠠᠭᠰᠠᠨ ᠨᠣᠳᠤᠭ ᠤᠨ ᠨᠡᠷᠡᠲᠦ ᠰᠣᠷᠴᠢᠳ ᠤᠨ ᠰᠣᠷ ᠬᠠᠷᠪᠣᠬᠤ ᠦᠵᠡᠬᠦᠯᠦᠯᠬᠡ ᠪᠠᠷ ᠳᠣᠰ ᠣᠳᠠᠭᠠᠨ ᠤ ᠣᠯᠠᠮᠵᠢᠯᠠᠯᠲᠣ ᠪᠡᠶ᠎ᠡ ᠳᠠᠮᠢᠷ ᠤᠨ ᠴᠣᠭᠯᠠᠭᠠᠨ ᠡᠬᠢᠯᠡᠵᠦ ᠰᠤᠷ ᠬᠠᠷᠪᠤᠬᠤ᠂  ᠪᠢᠯᠠᠭᠤ ᠰᠢᠳᠡᠬᠦ᠂ ᠮᠣᠩᠭᠤᠯ ᠪᠦᠬᠡ᠂ ᠣᠷᠳᠣᠰ ᠪᠦᠬᠡ᠂ ᠲᠡᠪᠡᠭ ᠢᠰᠭᠦᠯᠭᠦ᠂ ᠤᠷᠠᠨ ᠵᠢᠷᠤᠭ᠂ ᠮᠤᠩᠭᠤᠯ ᠰᠢᠲᠠᠷ᠎ᠠ᠂ ᠱᠠᠭ᠎ᠠ ᠬᠠᠷᠪᠤᠬᠤ ᠵᠡᠷᠭᠡ ᠣᠷᠣᠯᠳᠣᠭᠠᠨ ᠳᠣᠰ ᠳᠣᠰ ᠤᠨ ᠢᠶᠠᠨ ᠳᠠᠯᠠᠪᠣᠷ ᠲᠤ ᠡᠮᠬᠢ ᠵᠠᠮᠪᠠᠷᠠᠭ᠎ᠠ ᠲᠠᠢ ᠶᠠᠪᠣᠭᠳᠠᠵᠣ ᠰᠣᠷᠣᠭᠴᠢ ᠨᠢᠭᠡᠪᠦᠷᠢ ᠢᠳᠡᠪᠬᠢᠲᠠᠢ ᠤᠷᠤᠯᠴᠠᠨ ᠪᠡᠶ᠎ᠡ ᠪᠠᠨ ᠳᠠᠪᠲᠠᠨ ᠪᠤᠯᠪᠠᠰᠤᠷᠠᠭᠤᠯᠬᠤ ᠪᠠᠷ ᠪᠠᠷᠠᠬᠤ ᠦᠭᠡᠢ ᠰᠠᠶᠢᠨ ᠬᠢᠷᠢ ᠪᠦᠲᠦᠮᠵᠢ ᠦᠨᠳᠦᠷ ᠠᠮᠵᠢᠯᠲᠠ ᠤᠯᠬᠤ ᠪᠠᠷ ᠮᠠᠷᠠᠶᠢᠨ ᠴᠢᠷᠮᠠᠶᠢᠵᠠᠭᠠᠵᠦ ᠪᠠᠶᠢᠯ᠎ᠠ᠃    ᠣᠷᠣᠯᠳᠣᠭᠠᠨ ᠤ ᠬᠤᠭᠤᠴᠠᠭᠠᠨ ᠳᠤ ᠪᠠᠰᠠ ᠳ᠋ᠦᠩᠱᠧᠩ ᠳᠣᠭᠤᠷᠢᠭ ᠤᠨ ᠸᠠᠨ ᠵᠢᠶᠠ ᠪᠠᠭ᠎ᠠ ᠰᠣᠷᠭᠠᠭᠤᠯᠢ ᠶᠢᠨ ᠰᠣᠷᠣᠭᠴᠢᠳ ᠲᠠᠢ ︽ᠭᠠᠷ ᠭᠠᠷ ᠢᠶᠠᠨ ᠬᠤᠯᠪᠣᠯᠴᠠᠬᠤ︾ ᠨᠦᠬᠦᠷᠰᠡᠭ ᠠᠵᠢᠯᠯᠠᠭ᠎ᠠ ᠶᠠᠪᠣᠭᠳᠠᠭᠤᠯᠵᠦ ᠦᠨᠳᠦᠰᠦᠳᠡᠨ ᠤ ᠪᠦᠯᠬᠦᠮᠳᠡᠯ ᠢ ᠠᠬᠢᠭᠤᠯᠤᠨ ᠳᠣᠮᠳᠠᠳᠣ ᠶᠢᠨ ᠦᠨᠳᠦᠰᠦᠳᠡᠨ ᠤ ᠬᠠᠮᠲᠣ ᠶᠢᠨ ᠴᠣᠭᠴᠠ ᠶᠢᠨ ᠣᠬᠠᠮᠰᠠᠷ ᠢ ᠦᠢᠯᠡᠳᠦᠯᠬᠡᠵᠢᠬᠦᠯᠦᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号